10 ᠰᠠᠷ᠎ᠠ ᠶᠢᠨ 13 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠬᠡᠬᠤᠲᠠ ᠶᠢᠨ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠨ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠯᠤᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠵᠦᠪᠳᠡᠯᠴᠡᠨ ᠰᠤᠳᠤᠯᠵᠤ᠂ ᠡᠯ᠎ᠡ | ᠵᠦᠢᠯ ᠤᠨ ᠠᠵᠢᠯ ᠳᠤ ᠲᠠᠬᠢᠨᠳᠠ ᠲᠤᠬᠢᠷᠠᠭᠤᠯᠤᠯᠳᠠ ᠬᠢᠵᠤ᠂ ᠲᠠᠬᠢᠨᠳᠠ ᠪᠠᠶᠢᠷᠢᠯᠠᠭᠤᠯᠤᠯᠳᠠ ᠬᠢᠵᠤ᠂ ᠲᠠᠬᠢᠨᠳᠠ | ᠳᠠᠷᠤᠯᠲᠠ ᠥᠭᠴᠡᠢ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ | ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠼᠤᠤ ᠰᠢᠤᠸᠠᠢ ᠲᠤᠤ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠼᠤᠤ ᠰᠢᠤᠸᠠᠢ ᠲᠤᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠠᠶᠤᠯ ᠲᠦᠭᠰᠢᠭᠦᠷᠢ ᠬᠡᠮ | ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠪᠣᠭᠤᠮᠲᠠ | ᠰᠢᠪᠲᠤᠯᠬᠤ ᠠᠵᠢᠯᠯᠠᠭ᠎ᠠ ᠶᠢ ᠴᠢᠨᠠᠷ ᠰᠠᠶᠢᠲᠠᠶ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠦᠷᠭᠦᠯᠵᠢᠯᠡᠨ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠨᠠᠶᠢᠳᠠᠪᠤᠷᠢᠵᠢᠭᠤᠯᠤᠯᠲᠠ ᠶᠢ ᠣᠨᠣᠴᠠᠲᠠᠢ ᠰᠠᠶᠢᠲᠤᠷ ᠠᠳᠬᠤᠨ᠂ ᠨᠡᠶᠢᠭᠡᠮ | ᠲᠣᠭᠤᠷᠢᠭ ᠢ ᠬᠠᠮᠢᠶᠠᠷᠤᠨ ᠡᠵᠡᠮᠳᠡᠬᠦ᠂ ᠰᠢᠯᠭᠠᠨ ᠪᠠᠶᠢᠴᠠᠭᠠᠵᠤ ᠰᠢᠭᠰᠢᠨ ᠪᠠᠶᠢᠴᠠᠭᠠᠬᠤ᠂ ᠲᠠᠬᠤᠯ ᠡᠪᠡᠳᠴᠢᠨ ᠤ | ᠪᠠᠶᠢᠴᠠᠭᠠᠯᠳᠠ ᠬᠢᠬᠦ᠂ ᠰᠢᠯᠵᠢᠭᠦᠯᠦᠨ ᠵᠥᠭᠡᠭᠡᠪᠦᠷᠢᠯᠡᠵᠤ ᠲᠤᠰᠠᠭᠠᠷᠯᠠᠬᠤ᠂ ᠡᠮᠴᠢᠯᠡᠭᠡᠨ ᠤ ᠠᠪᠤᠷᠠᠨ ᠵᠠᠰᠠᠯᠳᠠ ᠬᠢᠬᠦ᠂ | ︽ᠬᠠᠳᠠᠭᠠᠰᠤ ᠰᠤᠭᠤᠯᠬᠤ︾ ᠠᠵᠢᠯᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠨᠡᠶᠢᠭᠡᠮ | ᠲᠣᠭᠤᠷᠢᠭ ᠲᠤ ᠣᠷᠣᠬᠤ᠂ ᠭᠠᠳᠠᠭᠰᠢ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠨ᠂ ᠡᠷᠴᠢ ᠰᠤᠯᠠᠷᠠᠬᠤ ᠪᠠ | ᠠᠮᠤᠰᠭᠢᠬᠦ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠣᠯᠤᠭᠰᠠᠨ ᠱᠠᠳᠤᠴᠢ ᠴᠢᠨᠠᠷᠲᠠᠢ ᠦᠷ᠎ᠡ ᠪᠦᠲᠦᠮᠵᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠤ | ᠴᠢᠬᠤᠯᠠᠴᠢᠯᠠᠪᠠ᠃ | ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠠᠮᠤᠭ ᠤᠨ | ᠵᠠᠩᠭᠢᠯᠠᠭ᠎ᠠ᠂ ᠬᠠᠮᠤᠭ ᠤᠨ ᠪᠡᠷᠭᠡᠰᠢᠶᠡᠯ ᠲᠠᠢ ᠴᠠᠭ ᠦᠶ᠎ᠡ ᠳᠤ ᠣᠷᠣᠪᠠ᠃ ᠠᠵᠢᠯ ᠤᠨ ᠡᠷᠴᠢ ᠵᠣᠷᠢᠭ ᠢᠶᠠᠨ | ᠪᠠᠲᠤᠯᠠᠵᠤ᠂ ᠣᠨᠣᠴᠠᠲᠠᠢ ᠪᠥᠭᠡᠳ ᠲᠦᠷᠭᠡᠨ ᠪᠠᠶᠢᠬᠤ ᠶᠢ ᠪᠠᠷᠢᠮᠲᠠᠯᠠᠨ᠂ ᠶᠡᠭᠡ ᠳᠡᠭᠡᠳᠦ ᠰᠤᠷᠭᠠᠭᠤᠯᠢ ᠶᠢᠨ | ᠬᠢᠵᠢᠭ ᠤᠨ ᠪᠠᠶᠢᠳᠠᠯ᠂ ᠡᠳ᠋ ᠪᠠᠷᠠᠭᠠᠨ ᠤ ᠭᠦᠢᠯᠭᠡᠭᠡ ᠲᠦᠷᠭᠡᠨ ᠬᠦᠷᠭᠡᠯᠲᠡ᠂ ᠡᠮᠨᠡᠯᠭᠡ ᠶᠢᠨ ᠬᠤᠷᠢᠶᠠᠨ ᠤ | ᠬᠠᠯᠳᠠᠪᠦᠷᠢᠯᠡᠯ᠂ ᠲᠤᠰᠠᠭᠠᠷᠯᠠᠬᠤ ᠴᠡᠭ᠂ ᠭᠤᠣᠯᠳᠠᠯᠭ᠎ᠠ ᠲᠠᠢ ᠬᠥᠮᠦᠰ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ | ᠣᠷᠴᠢᠨ ᠲᠣᠭᠤᠷᠢᠨ ᠵᠡᠷᠭᠡ ᠨᠠᠢᠮᠠᠨ ᠲᠠᠯ᠎ᠠ ᠶᠢᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ | ᠡᠵᠡᠮᠳᠡᠵᠤ ᠲᠠᠰᠤᠯᠬᠤ ᠬᠡᠷᠡᠭᠲᠡᠢ᠃ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠶᠤᠯ | ᠲᠦᠭᠰᠢᠭᠦᠷᠢ ᠬᠡᠮ ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ | ᠴᠢᠩᠭᠠᠳᠬᠠᠨ᠂ ᠲᠦᠷᠭᠡᠨ ᠠᠷᠢᠭᠤᠳᠬᠠᠵᠤ᠂ ᠨᠠᠩ ᠣᠯᠠᠨ ᠬᠢᠵᠢᠭ ᠥᠬᠡᠶ ᠰᠠᠭᠤᠭᠠᠯᠢ ᠠᠷᠠᠳ ᠤᠨ ᠲᠣᠭᠤᠷᠢᠭ ᠢ | ᠪᠤᠢ ᠪᠤᠯᠭᠠᠵᠤ᠂ ᠨᠡᠶᠢᠭᠡᠮ ᠲᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠠᠯᠢ ᠲᠦᠷᠭᠡᠨ ᠢᠶᠠᠷ | ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠬᠦᠴᠡᠯ | ᠳᠣᠣᠷᠠᠬᠢ ᠨᠠᠮᠤᠷ ᠤᠨ ᠬᠤᠷᠢᠶᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠲᠠᠢ | ᠲᠡᠮᠡᠴᠡᠬᠦ ᠶᠢ ᠪᠠᠲᠤᠯᠠᠬᠤ ᠪᠥᠭᠡᠳ ᠪᠠᠰᠠ ᠡᠯᠪᠡᠭ ᠬᠤᠷᠢᠶᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ | ᠬᠤᠷᠢᠶᠠᠨ ᠤ ᠱᠦᠵᠢ ᠪᠦᠦ ᠭᠠᠩ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ | ᠲᠤᠬᠢᠷᠠᠭᠤᠯᠤᠯᠳᠠ ᠶᠢᠨ ᠬᠤᠷᠠᠯ ᠳᠤ ᠣᠷᠣᠯᠴᠠᠪᠠ᠃ | |