10 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠳᠠᠶᠠᠭᠠᠷ ᠢᠶᠠᠨ ᠬᠦᠰᠡᠨ ᠬᠦᠯᠢᠶᠡᠭᠰᠡᠨ᠂ ᠳᠡᠯᠡᠬᠡᠢ | ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ | ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠪᠡ᠃ ᠲᠤᠰ ᠡᠳᠦᠷ ᠤᠨ | ᠦᠳᠡ ᠶᠢᠨ ᠬᠤᠶᠢᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠵᠤ ᠪᠠᠶᠢᠭ᠎ᠠ ᠦᠪᠦᠷ ᠮᠣᠩᠭᠤᠯ ᠤᠨ | ᠲᠦᠯᠦᠭᠡᠯᠡᠭᠴᠢᠳ ᠤᠨ ᠪᠦᠯᠬᠦᠮ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ | ᠨᠠᠷᠢᠨ ᠬᠢᠨᠠᠮᠠᠭᠠᠢ ᠰᠣᠳᠣᠯᠤᠨ ᠤᠩᠰᠢᠵᠤ ᠰᠤᠷᠤᠯᠴᠠᠪᠠ᠃ ᠦᠪᠦᠷ ᠮᠣᠩᠭᠤᠯ ᠤᠨ ᠲᠦᠯᠦᠭᠡᠯᠡᠭᠴᠢᠳ ᠤᠨ | ᠪᠦᠯᠬᠦᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ | ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷᠡᠬᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ | ᠲᠤᠭᠤᠷᠪᠢᠬᠤ ᠠᠵᠢᠯ ᠤᠨ ᠲᠤᠬᠠᠢ ᠲᠣᠳᠣᠷᠬᠠᠶᠢᠯᠠᠯᠲᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠤ ᠣᠷᠣᠯᠴᠠᠭᠰᠠᠨ | ᠨᠦᠬᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠲᠡᠷᠡ ᠬᠡᠪ ᠢᠶᠠᠷ ᠨᠢ ᠰᠤᠷᠤᠯᠴᠠᠪᠠ᠃ | ᠰᠦᠨ ᠱᠣᠣ ᠴᠧᠩ᠂ ᠨᠠᠮ ᠤᠨ ᠬᠤᠷᠢᠳᠤᠭᠠᠷ ᠶᠡᠭᠡ ᠬᠤᠷᠠᠯ ᠤ ᠢᠯᠡᠳᠬᠡᠯ ᠨᠢ ᠪᠠᠶᠢᠷᠢᠰᠢᠯ ᠠᠤᠭ᠎ᠠ ᠶᠡᠭᠡ᠂ | ᠤᠳᠬ᠎ᠠ ᠰᠠᠨᠠᠭ᠎ᠠ ᠭᠦᠨ ᠭᠦᠨᠵᠡᠭᠡᠢ᠂ ᠲᠦᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠴᠦ᠂ ᠤᠷᠢᠳᠤᠬᠢ ᠶᠢ | ᠵᠠᠯᠭᠠᠮᠵᠢᠯᠠᠨ ᠬᠤᠶᠢᠳᠤᠬᠢ ᠳᠤ ᠵᠠᠮ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠦᠨᠳᠦᠷ ᠮᠠᠨᠳᠤᠭᠤᠯᠬᠤ ᠲᠤᠩᠬᠠᠭ ᠪᠢᠴᠢᠭ ᠮᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠴᠤᠭ ᠪᠠᠳᠠᠷᠠᠩᠭᠤᠢ ᠤᠷᠤᠭᠰᠢᠯᠠᠬᠤ | ᠳᠠᠶᠢᠴᠢᠯᠠᠯᠲᠠ ᠶᠢᠨ ᠵᠠᠷᠯᠢᠭ ᠮᠦᠨ᠂ ᠲᠦᠮᠡᠨ ᠠᠷᠠᠳ ᠰᠡᠳᠬᠢᠯ ᠨᠢᠭᠡᠲᠦᠨ ᠰᠢᠨ᠎ᠡ ᠤᠷᠲᠤ ᠵᠠᠮ ᠤᠨ ᠠᠶᠠᠨ ᠳᠠᠶᠢᠨ ᠢ | ᠰᠠᠶᠢᠲᠤᠷ ᠬᠢᠬᠦ ᠴᠤᠭᠯᠠᠷᠠᠯ ᠤᠨ ᠪᠦᠷᠢᠶ᠎ᠡ ᠮᠦᠨ᠂ ᠪᠦᠬᠦ ᠵᠣᠬᠢᠶᠠᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ | ᠠᠷᠭ᠎ᠠ ᠶᠢᠨ ᠣᠨᠣᠯ ᠲᠤᠭᠤᠰᠢᠯᠠᠭᠳᠠᠵᠤ᠂ ᠬᠤᠪᠢᠰᠤᠩᠭᠤᠢ ᠪᠤᠳᠠᠰᠴᠢ ᠦᠵᠡᠯ ᠪᠠ ᠲᠡᠦᠬᠡ ᠶᠢᠨ ᠪᠤᠳᠠᠰᠴᠢ | ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠰᠠᠴᠤᠷᠠᠵᠤ ᠪᠠᠶᠢᠨ᠎ᠠ᠂ ᠪᠦᠬᠦ ᠨᠠᠮ ᠳᠤ ᠴᠢᠭᠯᠡᠯ ᠢ ᠵᠢᠭᠠᠵᠤ | ᠥᠭᠭᠦᠭᠰᠡᠨ᠂ ᠠᠷᠠᠳ ᠲᠦᠮᠡᠨ ᠳᠤ ᠢᠲᠡᠭᠡᠯ ᠵᠣᠷᠢᠭ ᠬᠦᠴᠦᠨ ᠴᠢᠳᠠᠯ ᠣᠯᠭᠤᠭᠰᠠᠨ ᠰᠠᠶᠢᠨ ᠢᠯᠡᠳᠬᠡᠯ ᠪᠣᠯᠣᠨ᠎ᠠ᠃ | ᠢᠯᠡᠳᠬᠡᠯ ᠢ ᠰᠣᠨᠣᠰᠴᠤ ᠰᠤᠷᠤᠯᠴᠠᠭᠠᠳ᠂ ᠪᠢᠳᠡᠨ ᠤ ᠡᠷᠴᠢ ᠵᠣᠷᠢᠭ ᠬᠥᠪᠴᠢᠯᠡᠭᠳᠡᠵᠦ᠂ ᠲᠦᠢᠯ ᠢᠶᠠᠷ ᠤᠷᠮᠠᠰᠢᠨ | ᠵᠣᠷᠢᠭᠵᠢᠪᠠ᠃ ᠲᠦᠯᠦᠭᠡᠯᠡᠭᠴᠢᠳ ᠶᠡᠭᠡ ᠬᠦᠴᠦ ᠣᠷᠤᠭᠤᠯᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ | ᠣᠶᠢᠯᠠᠭᠠᠵᠤ᠂ ᠢᠯᠠᠩᠭᠤᠶ᠎ᠠ ᠢᠯᠡᠳᠬᠡᠯ ᠳᠤ ᠳᠤᠷᠠᠳᠤᠭᠰᠠᠨ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠲᠡ᠂ | ᠴᠢᠬᠤᠯᠠ ᠪᠠᠶᠢᠯᠳᠤᠬᠤ ᠪᠣᠳᠤᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠨᠠᠷᠢᠯᠢᠭ | ᠣᠶᠢᠯᠠᠭᠠᠬᠤ ᠬᠡᠷᠡᠭᠲᠡᠢ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠦ᠂ ᠲᠡᠭᠦᠨ ᠢ ᠮᠡᠳᠡᠬᠦ ᠮᠦᠷᠲᠡᠭᠡᠨ ᠨᠡᠩ ᠴᠦ | ᠲᠡᠭᠦᠨ ᠤ ᠤᠴᠢᠷ ᠰᠢᠯᠲᠠᠭᠠᠨ ᠢ ᠮᠡᠳᠡᠬᠦ ᠪᠠᠷ ᠴᠢᠷᠮᠠᠶᠢᠬᠤ ᠬᠡᠷᠡᠭᠲᠡᠢ᠃ ᠪᠦᠬᠦ ᠲᠠᠯ᠎ᠠ ᠳᠤ ᠵᠣᠭᠰᠤᠨ᠂ ᠪᠤᠲᠠᠲᠤ | ᠪᠠᠶᠢᠳᠠᠯ ᠲᠠᠢ ᠤᠶᠠᠯᠳᠤᠭᠤᠯᠵᠤ᠂ ᠢᠯᠡᠳᠬᠡᠯ ᠢ ᠨᠠᠷᠢᠨ ᠬᠢᠨᠠᠮᠠᠭᠠᠢ ᠶᠠᠷᠢᠯᠴᠠᠨ ᠬᠢᠨᠠᠨ ᠶᠠᠷᠢᠯᠴᠠᠬᠤ ᠬᠡᠷᠡᠭᠲᠡᠢ ᠭᠡᠵᠦ | ᠬᠡᠯᠡᠪᠡ᠃ | | |