10 ᠰᠠᠷ᠎ᠠ ᠶᠢᠨ 17 ᠤ ᠣᠷᠣᠢ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠵᠤ ᠪᠠᠶᠢᠭ᠎ᠠ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠪᠡᠭᠡᠵᠢᠩ ᠤᠨ ᠦᠵᠡᠰᠭᠦᠯᠡᠩ ᠤᠨ ᠣᠷᠳᠣᠨ ᠳᠤ ᠬᠦᠷᠴᠦ᠂ | ᠬᠠᠮᠲᠤ ᠪᠠᠷ ︽ᠡᠷᠡᠮᠡᠬᠡᠶᠢᠯᠡᠨ ᠤᠷᠤᠭᠰᠢᠯᠠᠬᠤᠢ ᠰᠢᠨ᠎ᠡ ᠴᠠᠭ ᠦᠶ᠎ᠡ︾ ᠭᠤᠣᠯ ᠰᠡᠳᠦᠪᠲᠦ ᠠᠮᠵᠢᠯᠲᠠ ᠪᠦᠲᠦᠮᠵᠢ ᠶᠢᠨ | ᠦᠵᠡᠰᠭᠦᠯᠡᠩ ᠢ ᠲᠣᠭᠤᠷᠢᠨ ᠦᠵᠡᠪᠡ᠃ | | | | ᠦᠵᠡᠰᠭᠦᠯᠡᠩ ᠨᠢ ︽ᠡᠷᠡᠮᠡᠬᠡᠶᠢᠯᠡᠨ ᠤᠷᠤᠭᠰᠢᠯᠠᠬᠤᠢ ᠰᠢᠨ᠎ᠡ ᠴᠠᠭ ᠦᠶ᠎ᠡ︾ ᠭᠤᠣᠯ ᠰᠡᠳᠤᠪ ᠤᠨ | ᠲᠣᠭᠤᠷᠢᠨ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠪᠠᠷ ᠭᠤᠣᠯ ᠰᠢᠵᠢᠮ ᠪᠣᠯᠭᠠᠨ᠂ | ᠰᠢᠨ᠎ᠡ ᠴᠠᠭ ᠦᠶ᠎ᠡ ᠶᠢᠨ 10 ᠵᠢᠯ ᠤᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠠᠭᠤᠤ ᠶᠡᠭᠡ ᠠᠮᠵᠢᠯᠲᠠ | ᠪᠦᠲᠦᠮᠵᠢ᠂ ᠠᠭᠤᠤ ᠶᠡᠭᠡ ᠬᠤᠪᠢᠰᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠳᠠᠯ ᠰᠢᠨ᠎ᠡ ᠳᠦᠷᠰᠦ ᠶᠢ ᠢᠯᠡᠷᠡᠭᠦᠯᠦᠭᠰᠡᠨ ᠪᠥᠭᠡᠳ ᠬᠤᠪᠢᠰᠤᠯᠲᠠ ᠶᠢᠨ ᠠᠷᠤ ᠳᠠᠬᠢ | ᠬᠦᠴᠦᠨ ᠴᠢᠳᠠᠯ ᠪᠣᠯᠣᠨ ᠬᠥᠳᠡᠯᠭᠡᠬᠦ ᠴᠢᠳᠠᠪᠤᠷᠢ ᠶᠢ ᠢᠯᠡᠷᠡᠭᠦᠯᠪᠡ︔ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠡᠪ ᠬᠠᠮᠲᠤᠴᠤᠳ ᠤᠨ ᠤᠯᠤᠰ ᠳᠦᠷᠦ ᠶᠢᠨ ᠵᠢᠯᠣᠭᠤᠳᠤᠯᠭ᠎ᠠ᠂ ᠦᠵᠡᠯ ᠰᠠᠨᠠᠭᠠᠨ ᠤ ᠵᠢᠯᠣᠭᠤᠳᠤᠯᠭ᠎ᠠ ᠶᠢ | ᠢᠯᠡᠷᠡᠭᠦᠯᠦᠭᠰᠡᠨ ᠮᠥᠷᠲᠡᠭᠡᠨ ᠪᠠᠰᠠ ᠥᠷᠭᠡᠨ ᠣᠯᠠᠨ ᠠᠷᠠᠳ ᠲᠦᠮᠡᠨ ᠤ ᠪᠦᠯᠬᠦᠮᠳᠡᠨ ᠨᠢᠭᠲᠠᠷᠠᠵᠤ᠂ ᠠᠵᠢᠯ ᠬᠢᠵᠦ | ᠦᠢᠯᠡᠰ ᠪᠣᠰᠬᠠᠬᠤ ᠰᠠᠶᠢᠨ ᠰᠠᠶᠢᠬᠠᠨ ᠳᠦᠷᠰᠦ ᠪᠠᠶᠢᠳᠠᠯ ᠢ ᠲᠤᠰᠬᠠᠪᠠ᠃ | | | | ᠲᠥᠯᠥᠭᠡᠯᠡᠭᠴᠢᠳ ᠪᠠᠶᠢᠨ ᠲᠠᠬᠢᠨ ᠵᠣᠭᠰᠤᠰᠬᠢᠵᠤ ᠠᠩᠬᠠᠷᠤᠯ ᠢᠶᠠᠨ ᠲᠥᠪᠯᠡᠷᠡᠭᠦᠯᠦᠨ ᠦᠵᠡᠵᠦ᠂ | ᠲᠠᠶᠢᠯᠤᠮᠵᠢ ᠶᠢ ᠰᠣᠨᠣᠰᠴᠤ᠂ ᠬᠠᠮᠢᠶ᠎ᠠ ᠪᠦᠬᠦᠢ ᠪᠠᠶᠢᠳᠠᠯ ᠢ ᠯᠠᠪᠯᠠᠨ ᠠᠰᠠᠭᠤᠵᠤ᠂ ᠣᠷᠣᠰᠢᠯ ᠤᠨ ᠪᠦᠯᠦᠭ ᠤᠨ | ᠲᠠᠩᠬᠢᠮ᠂ ᠲᠥᠪ ᠶᠡᠷᠦᠩᠭᠡᠶᠢᠯᠡᠭᠰᠡᠨ ᠦᠵᠡᠭᠦᠯᠭᠡ ᠶᠢᠨ ᠲᠣᠭᠤᠷᠢᠭ᠂ ᠣᠷᠣᠨ ᠨᠤᠲᠤᠭ ᠤᠨ ᠦᠵᠡᠭᠦᠯᠭᠡ ᠶᠢᠨ | ᠲᠣᠭᠤᠷᠢᠭ᠂ ᠪᠠᠷᠠᠯᠠᠯ ᠦᠵᠡᠭᠦᠯᠭᠡ ᠶᠢᠨ ᠲᠣᠭᠤᠷᠢᠭ᠂ ᠭᠡᠷ ᠤᠨ ᠭᠠᠳᠠᠨᠠᠬᠢ ᠦᠵᠡᠭᠦᠯᠭᠡ ᠶᠢᠨ ᠲᠣᠭᠤᠷᠢᠭ ᠪᠣᠯᠣᠨ | ᠬᠤᠷᠰᠢᠯ ᠦᠵᠡᠭᠦᠯᠭᠡ ᠶᠢᠨ ᠲᠣᠭᠤᠷᠢᠭ ᠵᠡᠷᠭᠡ 6 ᠦᠵᠡᠭᠦᠯᠭᠡ ᠶᠢᠨ ᠲᠣᠭᠤᠷᠢᠭ ᠢᠶᠠᠷ ᠲᠣᠭᠤᠷᠢᠨ ᠦᠵᠡᠵᠦ᠂ ᠭᠡᠷᠡᠯ | ᠵᠢᠷᠤᠭ᠂ ᠦᠰᠦᠭ ᠪᠢᠴᠢᠭ᠂ ᠸᠢᠳᠢᠤ᠋᠂ ᠪᠣᠳᠠᠲᠤ ᠪᠣᠳᠠᠰ᠂ ᠵᠠᠭᠪᠤᠷ᠂ ᠬᠤᠷᠰᠢᠯᠴᠠᠨ ᠣᠶᠢᠯᠭᠠᠬᠤ ᠵᠡᠷᠭᠡ ᠣᠯᠠᠨ | ᠵᠦᠢᠯ ᠤᠨ ᠬᠡᠯᠪᠡᠷᠢ ᠪᠠᠷ ᠳᠠᠮᠵᠢᠨ᠂ ᠮᠠᠨ ᠤ ᠤᠯᠤᠰ ᠤᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ | ᠭᠦᠨᠵᠡᠭᠡᠢ ᠮᠡᠳᠡᠷᠡᠵᠤ᠂ ᠬᠠᠮᠲᠤ ᠶᠢᠨ ᠲᠠᠨᠢᠯᠲᠠ ᠲᠠᠢ ᠪᠣᠯᠪᠠ᠃ ᠣᠯᠠᠨ ᠢᠶᠠᠷ ᠢᠶᠠᠨ᠂ ︽ᠡᠷᠡᠮᠡᠬᠡᠶᠢᠯᠡᠨ | ᠤᠷᠤᠭᠰᠢᠯᠠᠬᠤᠢ ᠰᠢᠨ᠎ᠡ ᠴᠠᠭ ᠦᠶ᠎ᠡ︾ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠰᠭᠦᠯᠡᠩ ᠨᠢ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠪᠥᠬᠦ ᠨᠠᠮ ᠪᠥᠬᠦ ᠴᠡᠷᠢᠭ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠳᠠᠭᠠᠭᠤᠯᠤᠨ ᠪᠦᠯᠬᠦᠮᠳᠡᠨ ᠲᠡᠮᠡᠴᠡᠭᠰᠡᠨ ᠲᠡᠦᠬᠡᠨ ᠠᠬᠢᠴᠠ ᠪᠣᠯᠣᠨ ᠣᠯᠣᠭᠰᠠᠨ ᠪᠡᠯᠭᠡ ᠲᠡᠮᠳᠡᠭ ᠤᠨ ᠴᠢᠨᠠᠷᠲᠠᠢ | ᠠᠮᠵᠢᠯᠲᠠ ᠪᠦᠲᠦᠮᠵᠢ ᠶᠢ ᠲᠦᠪᠯᠡᠷᠡᠩᠭᠦᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ | ᠦᠢᠯᠡᠰ ᠤᠨ ᠣᠯᠣᠭᠰᠠᠨ ᠠᠭᠤᠤ ᠶᠡᠭᠡ ᠠᠮᠵᠢᠯᠲᠠ ᠪᠦᠲᠦᠮᠵᠢ᠂ ᠠᠭᠤᠤ ᠶᠡᠭᠡ ᠬᠤᠪᠢᠰᠤᠯᠲᠠ ᠶᠢ ᠪᠦᠬᠦ ᠲᠠᠯ᠎ᠠ ᠪᠠᠷ | ᠤᠬᠠᠭᠤᠯᠵᠤ ᠳᠡᠯᠭᠡᠨ ᠦᠵᠡᠭᠦᠯᠵᠦ᠂ ᠮᠠᠨ ᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠳᠤ ᠪᠡᠶᠡᠯᠡᠭᠦᠯᠦᠭᠰᠡᠨ ᠰᠢᠨ᠎ᠡ ᠳᠠᠪᠠᠯᠲᠠ ᠶᠢ ᠪᠥᠬᠦ ᠲᠠᠯ᠎ᠠ ᠪᠠᠷ ᠢᠯᠡᠷᠡᠭᠦᠯᠵᠡᠢ ᠭᠡᠵᠦ ᠰᠠᠨᠠᠯ ᠨᠢᠭᠡᠲᠡᠢ | ᠦᠵᠡᠵᠡᠭᠡᠪᠡ᠃ ᠲᠥᠯᠥᠭᠡᠯᠡᠭᠴᠢᠳ᠂ ᠦᠵᠡᠰᠭᠦᠯᠡᠩ ᠢ ᠲᠣᠭᠤᠷᠢᠨ ᠦᠵᠡᠬᠦ ᠪᠠᠷ ᠳᠠᠮᠵᠢᠨ ᠵᠣᠷᠢᠭᠵᠢᠭᠤᠯᠤᠯ | ᠬᠦᠷᠲᠡᠵᠦ᠂ ᠢᠲᠡᠭᠡᠯ ᠵᠣᠷᠢᠭ ᠬᠥᠪᠴᠢᠯᠡᠭᠳᠡᠪᠡ᠂ ᠬᠤᠶᠢᠰᠢᠳᠠ ᠯᠠᠪᠲᠠᠢ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠲᠡᠮᠡᠴᠡᠵᠦ᠂ ᠡᠷᠡᠯᠬᠡᠭ | ᠰᠢᠭᠤᠷᠬᠠᠢ ᠪᠠᠷ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠨᠠᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠠᠶᠢᠭᠡᠮ ᠵᠢᠷᠤᠮ ᠤᠨ ᠰᠢᠨ᠎ᠡ ᠢᠯᠠᠯᠲᠡ ᠶᠢ ᠲᠡᠮᠡᠴᠡᠨ ᠣᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ | |