ᠵᠣᠣ ᠯᠧ ᠵᠢᠢ ᠨᠠᠮ ᠤᠨ ᠬᠤᠷᠢᠳᠤᠭᠠᠷ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠶᠠᠷᠢᠯᠴᠠᠭ᠎ᠠ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ︽ᠬᠤᠶᠠᠷ ᠢ ᠲᠣᠭᠲᠠᠭᠠᠭᠰᠠᠨ︾᠎ ᠢ ᠨᠡᠩ ᠤᠬᠠᠮᠰᠠᠷ ᠠᠴᠠ ᠪᠠᠨ ᠬᠦᠷᠢᠶᠡᠯᠡᠨ ᠪᠠᠷᠢᠮᠲᠠᠯᠠᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/10/29
    ᠵᠣᠣ ᠯᠧ ᠵᠢᠢ ᠨᠥᠬᠦᠷ 17᠎ ᠤ ᠦᠳᠡ ᠶᠢᠨ ᠡᠮᠦᠨ᠎ᠡ ᠲᠡᠭᠦᠨ ᠤ ᠪᠠᠶᠢᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ  ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠵᠦ ᠶᠠᠷᠢᠯᠴᠠᠪᠠ᠃ ᠲᠡᠷᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠭᠰᠠᠨ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠠᠯᠬᠤᠮ ᠨᠢᠭᠡᠲᠡᠢ ᠤᠷᠤᠭᠰᠢᠯᠠᠬᠤ ᠳᠤ ᠴᠢᠬᠤᠯᠠ ᠶᠡᠭᠡ ᠪᠥᠭᠡᠳ ᠠᠯᠤᠰ ᠭᠡᠳᠦ ᠶᠢᠨ ᠠᠴᠢ ᠬᠤᠯᠪᠣᠭᠳᠠᠯ ᠲᠠᠢ ᠶᠤᠮ︔ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠭᠤᠣᠯ ᠰᠡᠳᠦᠪ ᠨᠢ ᠲᠣᠳᠣᠷᠬᠠᠢ᠂ ᠦᠵᠡᠯ ᠰᠠᠨᠠᠭ᠎ᠠ ᠨᠢ ᠭᠦᠨᠵᠡᠭᠡᠢ᠂ ᠵᠣᠭᠰᠣᠴᠠ ᠨᠢ ᠠᠯᠤᠰ ᠭᠡᠳᠤ ᠶᠢᠨ᠂ ᠬᠠᠷᠠᠭ᠎ᠠ ᠠᠭᠤᠳᠠᠮ ᠪᠠᠶᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠶᠢ ᠪᠠᠷᠢᠮᠲᠠᠯᠠᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠶᠢ ᠢᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠣᠪᠤᠶᠢᠯᠭᠠᠨ᠂ ᠪᠦᠯᠬᠦᠮᠳᠡᠨ ᠲᠡᠮᠡᠴᠡᠬᠦ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠲᠠᠨᠢᠯᠲᠠ ᠶᠢ ᠰᠢᠨ᠎ᠡ ᠥᠨᠳᠥᠷᠴᠡ ᠰᠢᠨ᠎ᠡ ᠠᠬᠤᠢ ᠪᠠᠶᠢᠳᠠᠯ ᠳᠤ ᠬᠦᠷᠭᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠠᠵᠢᠯᠯᠠᠭᠠᠨ ᠤ ᠵᠦᠭᠯᠡᠭᠦᠷ ᠢ ᠲᠣᠭᠲᠠᠭᠠᠪᠠ᠂ ᠪᠦᠭᠦ ᠨᠠᠮ ᠤᠨ ᠣᠶᠤᠨ ᠤᠬᠠᠭᠠᠨ ᠢ ᠨᠢᠭᠲᠠᠷᠠᠭᠤᠯᠤᠭᠰᠠᠨ᠂ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠭᠰᠠᠨ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠵᠢᠯᠤᠭᠤᠳᠬᠤ ᠦᠢᠯᠡᠳᠦᠯ ᠪᠦᠬᠦᠢ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠣᠨ᠎ᠠ ᠭᠡᠵᠦ ᠵᠢᠭᠠᠵᠤ ᠭᠠᠷᠭᠠᠪᠠ᠃
1_副本.jpg
       ᠵᠣᠣ ᠯᠧ ᠵᠢᠢ᠂ ᠰᠢᠨ᠎ᠡ ᠴᠠᠭ ᠦᠶ᠎ᠡ ᠶᠢᠨ ᠠᠷᠪᠠᠨ ᠵᠢᠯ ᠪᠣᠯ ᠲᠦᠢᠯ ᠤᠨ ᠶᠡᠷᠦ ᠪᠤᠰᠤ᠂ ᠲᠦᠢᠯ ᠤᠨ ᠡᠭᠡᠯ ᠪᠤᠰᠤ ᠶᠤᠮ᠂ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ ᠤᠨ ᠭᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠶᠢᠨ ᠠᠶᠤᠯ ᠲᠦᠭᠰᠢᠭᠦᠷᠢ ᠪᠠ ᠥᠷᠢᠰᠦᠯᠳᠦᠭᠡᠨ ᠤ ᠰᠢᠯᠭᠠᠯᠲᠠ ᠶᠢ ᠪᠦᠲᠦᠮᠵᠢᠲᠡᠢ ᠠᠷᠭᠠᠴᠠᠭᠠᠵᠤ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠪᠣᠯᠤᠭᠰᠠᠨ ᠤ ᠬᠤᠪᠢ ᠪᠠᠷ ᠵᠠᠯᠠᠭᠤᠷ ᠢ ᠡᠵᠡᠮᠳᠡᠨ ᠠᠶᠠᠯᠠᠯ ᠢ ᠵᠢᠯᠣᠭᠤᠳᠤᠭᠰᠠᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠃ ᠪᠢᠳᠡ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠬᠤᠪᠢᠰᠤᠯᠲᠠ ᠶᠢ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠯᠤᠭ᠎ᠠ ᠤᠶᠠᠯᠳᠤᠭᠤᠯᠵᠤ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠴᠢᠨᠠᠭᠰᠢᠳᠠ ᠭᠦᠨᠵᠡᠭᠡᠢ ᠣᠶᠢᠯᠠᠭᠠᠵᠤ᠂ ᠰᠢᠨ᠎ᠡ ᠰᠢᠯᠭᠠᠯᠲᠠ ᠶᠢᠨ ᠠᠶᠠᠨ ᠳᠠᠭᠠᠨ ᠨᠡᠩ ᠤᠬᠠᠮᠰᠠᠷ ᠠᠴᠠ ᠪᠠᠨ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠵᠣᠣ ᠯᠧ ᠵᠢᠢ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠣᠨᠣᠷ ᠰᠡᠷᠡᠮᠵᠢ ᠪᠠ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠴᠠᠭ ᠢᠮᠠᠭᠲᠠ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ ᠦᠵᠡᠭᠳᠡᠯ ᠢ ᠡᠷᠡᠰ ᠡᠰᠡᠷᠭᠦᠴᠡᠵᠦ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠯᠤᠰ ᠭᠡᠳᠦ ᠶᠢᠨ ᠨᠥᠯᠥᠭᠡ ᠦᠵᠡᠭᠦᠯᠵᠡᠢ᠃ ᠮᠠᠨ ᠤ ᠨᠠᠮ ᠪᠣᠯ ᠤᠷᠲᠤ ᠬᠤᠭᠤᠴᠠᠭ᠎ᠠ ᠲᠥᠷᠥ ᠪᠠᠷᠢᠭᠰᠠᠨ ᠮᠠᠷᠺᠰ ᠤᠨ ᠦᠵᠡᠯ ᠤᠨ ᠲᠥᠷᠥ ᠶᠢᠨ ᠨᠠᠮ ᠮᠥᠨ᠂ ᠲᠤᠯᠭᠠᠷᠠᠵᠤ ᠪᠠᠶᠢᠭ᠎ᠠ ︽ᠳᠥᠷᠪᠡᠨ ᠶᠡᠭᠡ ᠰᠢᠯᠭᠠᠯᠲᠠ︾᠂ ︽ᠳᠥᠷᠪᠡᠨ ᠵᠦᠢᠯ ᠤᠨ ᠠᠶᠤᠯ ᠲᠦᠭᠰᠢᠭᠦᠷᠢ︾ ᠤᠷᠲᠤ ᠬᠤᠭᠤᠴᠠᠭ᠎ᠠ ᠪᠠᠷ ᠣᠷᠣᠰᠢᠵᠤ ᠪᠤᠢ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠡᠭᠦᠷᠢᠳᠡ ᠵᠣᠭᠰᠣᠰᠢ ᠦᠭᠡᠢ᠂ ᠶᠠᠭᠠᠬᠢᠭᠰᠠᠨ ᠴᠦ ᠰᠤᠯᠠᠷᠠᠨ ᠠᠮᠤᠰᠬᠢᠬᠦ᠂ ᠶᠠᠳᠠᠷᠠᠵᠤ ᠬᠠᠯᠠᠰᠢᠷᠠᠬᠤ ᠪᠤᠳᠣᠯ ᠲᠠᠢ ᠪᠠᠶᠢᠵᠤ ᠪᠤᠯᠬᠤ ᠦᠭᠡᠢ᠂ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠭᠦᠷᠢᠳᠡ ᠪᠠᠷᠢᠮᠲᠠᠯᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠣ ᠯᠧ ᠵᠢᠢ᠂ ᠰᠢᠨ᠎ᠡ ᠴᠠᠭ ᠦᠶ᠎ᠡ ᠪᠣᠯ ᠥᠷᠢᠰᠦᠯᠳᠦᠭᠡᠨ ᠶᠡᠬᠡᠲᠡᠢ ᠴᠠᠭ ᠦᠶ᠎ᠡ ᠪᠣᠯᠣᠨ᠎ᠠ᠂ ᠮᠥᠨ ᠴᠥ ᠬᠦᠰᠡᠯ ᠡᠷᠡᠮᠡᠯᠵᠡᠯ ᠢᠶᠠᠷ ᠪᠢᠯᠬᠠᠭᠰᠠᠨ ᠴᠠᠭ ᠦᠶ᠎ᠡ ᠪᠣᠯᠣᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠷᠢᠯᠠᠭᠤᠯᠤᠭᠰᠠᠨ ᠰᠢᠨ᠎ᠡ ᠴᠠᠭ ᠦᠶ᠎ᠡ ᠰᠢᠨ᠎ᠡ ᠠᠶᠠᠨ ᠤ ᠠᠤᠭ᠎ᠠ ᠵᠢᠷᠤᠭ ᠲᠥᠯᠥᠪᠯᠡᠭᠡ ᠶᠢᠨ ᠡᠭᠦᠷᠭᠡ ᠥᠩᠭᠡ ᠭᠡᠷᠡᠯᠲᠡᠢ᠂ ᠡᠭᠦᠷᠭᠡ ᠬᠠᠲᠠᠭᠤ ᠪᠡᠷᠬᠡ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠵᠠᠷᠴᠢᠮ ᠢ ᠪᠠᠲᠤ ᠡᠵᠡᠮᠳᠡᠵᠦ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠪᠣᠯᠭᠤᠮᠵᠢᠲᠠᠢ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1