10 ᠰᠠᠷ᠎ᠠ ᠶᠢᠨ 17 ᠤ ᠡᠳᠦᠷ ᠠᠴᠠ 18 ᠤ ᠡᠳᠦᠷ ᠪᠤᠯᠲᠠᠯ᠎ᠠ᠂ ᠨᠠᠮ ᠤᠨ ᠬᠤᠷᠢᠳᠤᠭᠠᠷ ᠶᠡᠭᠡ ᠬᠤᠷᠠᠯ ᠳᠤ | ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠬᠤᠷᠠᠯ ᠬᠢᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠦᠷᠭᠦᠯᠵᠢᠯᠡᠨ ᠶᠠᠷᠢᠯᠴᠠᠪᠠ᠃ ᠲᠥᠯᠥᠭᠡᠯᠡᠭᠴᠢᠳ᠂ ᠡᠨᠡ ᠬᠦ | ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠂ ᠴᠢᠩ ᠰᠡᠳᠬᠢᠯ ᠠᠴᠠ ᠪᠠᠨ ᠬᠦᠷᠢᠶᠡᠯᠡᠵᠦ ᠪᠠᠶᠢᠨ᠎ᠠ ᠭᠡᠵᠦ ᠰᠠᠨᠠᠯ | ᠨᠢᠭᠡᠲᠡᠢ ᠢᠯᠡᠳᠬᠡᠵᠡᠭᠡᠪᠡ᠃ | ᠯᠢᠦ ᠱᠤᠸᠠᠩ ᠲᠥᠯᠥᠭᠡᠯᠡᠭᠴᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯ ᠥᠨᠳᠥᠷ ᠲᠤ | ᠵᠣᠭᠰᠣᠨ ᠠᠯᠤᠰ ᠢ ᠪᠠᠷᠠᠯᠠᠵᠥ᠂ ᠲᠤᠭ ᠢ ᠮᠠᠨᠳᠤᠭᠤᠯᠤᠨ ᠴᠢᠭᠯᠡᠯ ᠢ ᠲᠣᠭᠲᠠᠭᠠᠵᠤ᠂ ᠨᠠᠮ ᠢ ᠮᠠᠨᠳᠤᠭᠤᠯᠤᠨ ᠤᠯᠤᠰ ᠢ | ᠬᠦᠴᠦᠷᠬᠡᠭᠵᠢᠭᠦᠯᠵᠦ᠂ ᠰᠡᠷᠭᠦᠨ ᠮᠠᠨᠳᠤᠯᠲᠠ ᠶᠢ ᠬᠥᠲᠥᠯᠥᠨ ᠳᠠᠭᠠᠭᠤᠯᠬᠤ ᠰᠠᠶᠢᠨ ᠢᠯᠡᠳᠬᠡᠯ ᠪᠣᠯᠣᠨ᠎ᠠ᠂ ᠪᠢ ᠴᠢᠩ | ᠰᠡᠳᠬᠢᠯ ᠠᠴᠠ ᠪᠠᠨ ᠬᠦᠷᠢᠶᠡᠯᠡᠵᠦ ᠪᠠᠶᠢᠨ᠎ᠠ᠃ ᠲᠤᠭ ᠲᠡᠮᠳᠡᠭ ᠴᠢᠭᠯᠡᠯ ᠢ ᠵᠢᠭᠠᠨ᠎ᠠ᠂ ᠡᠷᠬᠡᠪᠰᠢ ᠢᠮᠠᠭᠲᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠭᠡᠷᠡᠭᠲᠡᠢ︔ | ᠭᠤᠣᠯ ᠠᠰᠠᠭᠤᠳᠠᠯ ᠪᠣᠯᠣᠨ ᠵᠢᠯᠤᠭᠤᠳᠬᠤ ᠦᠵᠡᠯ ᠰᠠᠨᠠᠭᠠᠨ ᠤ ᠠᠰᠠᠭᠤᠳᠠᠯ ᠨᠢ ᠨᠠᠮ ᠪᠣᠯᠣᠨ ᠤᠯᠤᠰ ᠤᠨ | ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ᠂ ᠡᠷᠬᠡᠪᠰᠢ ︽ᠬᠤᠶᠠᠷ ᠢ ᠲᠣᠭᠲᠠᠭᠠᠭᠰᠠᠨ︾ ᠢ ᠦᠨᠡᠨᠴᠢ ᠪᠠᠷ | ᠬᠠᠮᠠᠭᠠᠯᠠᠬᠤ ᠭᠡᠷᠡᠭᠲᠡᠢ︔ ᠵᠠᠮ ᠬᠤᠪᠢ ᠵᠠᠶᠠᠭ᠎ᠠ ᠶᠢ ᠲᠣᠭᠲᠠᠭᠠᠨ᠎ᠠ᠂ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠶᠢ | ᠪᠠᠷᠢᠮᠲᠠᠯᠠᠬᠤ ᠭᠡᠷᠡᠭᠲᠡᠢ︔ ᠠᠷᠠᠳ ᠲᠦᠮᠡᠨ ᠪᠣᠯ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ | ᠲᠣᠭᠲᠠᠭᠠᠬᠤ ᠦᠨᠳᠦᠰᠦᠨ ᠬᠦᠴᠦᠨ ᠮᠥᠨ᠂ ᠡᠷᠬᠡᠪᠰᠢ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ | ᠠᠷᠠᠳ ᠤᠯᠠᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠨ᠂ ᠪᠦᠯᠬᠦᠮᠳᠡᠨ ᠲᠡᠮᠡᠴᠡᠬᠦ ᠭᠡᠷᠡᠭᠲᠡᠢ︔ ᠳᠤᠮᠳᠠᠳᠤ | ᠤᠯᠤᠰ ᠤᠨ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠡᠷᠬᠡᠪᠰᠢ ᠲᠣᠮᠣ ᠨᠠᠮ ᠤᠨ | ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠴᠠᠭ ᠢᠮᠠᠭᠲᠠ | ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠵᠦ ᠬᠡᠯᠡᠪᠡ | ᠃ | ᠳ᠋ᠢᠩ ᠰᠢᠤ ᠹᠧᠩ ᠲᠥᠯᠥᠭᠡᠯᠡᠭᠴᠢ᠂ ᠪᠢ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠢ | ᠪᠦᠷᠢᠮᠦᠰᠦᠨ ᠵᠥᠪᠰᠢᠶᠡᠷᠡᠵᠦ᠂ ᠡᠷᠡᠰ ᠬᠦᠷᠢᠶᠡᠯᠡᠵᠦ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠨᠢ ᠮᠠᠨ ᠤ | ᠨᠠᠮ ᠳᠤ ᠵᠠᠭᠤᠨ ᠵᠢᠯ ᠤᠨ ᠠᠴᠢ ᠬᠤᠯᠪᠣᠭᠳᠠᠯ ᠲᠠᠢ᠂ ᠨᠡᠶᠢᠭᠡᠮ ᠵᠢᠷᠤᠮ ᠳᠤ ᠵᠠᠭᠤᠨ ᠵᠢᠯ ᠤᠨ ᠠᠴᠢ | ᠬᠤᠯᠪᠣᠭᠳᠠᠯ ᠲᠠᠢ᠂ ᠮᠠᠨ ᠤ ᠤᠯᠤᠰ ᠪᠠ ᠳᠤᠮᠳᠠᠳᠤ ᠶᠢᠨ ᠦᠨᠳᠦᠰᠦᠲᠡᠨ ᠳᠤ ᠵᠠᠭᠤᠨ ᠵᠢᠯ ᠤᠨ ᠠᠴᠢ | ᠬᠤᠯᠪᠣᠭᠳᠠᠯ ᠲᠠᠢ ᠶᠤᠮ᠃ ᠪᠤᠭᠤᠲᠤ ᠬᠤᠳᠠ ᠲᠡᠦᠬᠡᠨ ᠳᠡᠭᠡᠷ᠎ᠡ ᠪᠦᠭᠦᠳᠡ ᠨᠠᠶᠢᠷᠠᠮᠳᠠᠬᠤ ᠤᠯᠤᠰ ᠤᠨ ︽ᠪᠣᠯᠣᠳ | ᠲᠡᠮᠦᠷ ᠤᠨ ᠵᠡᠭᠦᠳᠦ︾ ᠶᠢ ᠲᠡᠷᠭᠡᠯᠰᠢᠭᠦᠯᠬᠦ᠂ ︽ᠵᠡᠪᠰᠡᠭ ᠲᠣᠨᠣᠭᠯᠠᠯ︾ ᠬᠢᠬᠦ ᠳᠤ ᠬᠦᠴᠦᠨ ᠨᠡᠮᠡᠷᠢᠯᠡᠪᠡ᠂ ᠪᠢᠳᠡ | ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠤᠴᠠᠬᠤ ᠢᠲᠡᠭᠡᠯ ᠵᠣᠷᠢᠭ ᠪᠠ ᠣᠮᠤᠭ ᠵᠣᠷᠢᠭ ᠢᠶᠠᠨ | ᠬᠥᠪᠴᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢᠨ ᠲᠣᠭᠤᠷᠢᠨ ᠳᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠤᠯᠭᠠᠵᠤ᠂ ᠬᠡᠮᠵᠢᠶ᠎ᠡ ᠶᠢ ᠨᠡᠮᠡᠭᠳᠡᠭᠦᠯᠬᠦ | ᠤᠬᠠᠮᠰᠠᠷ ᠢᠶᠠᠷ ᠵᠢᠯᠣᠭᠤᠳᠤᠮᠵᠢ ᠪᠣᠯᠭᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠰᠢᠨ᠎ᠡ ᠶᠢ ᠡᠭᠦᠳᠭᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ | ᠦᠭᠡᠢ ᠬᠡᠷᠡᠭᠵᠢᠭᠦᠯᠵᠦ᠂ ᠬᠤᠳᠠ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦ ᠴᠢᠳᠠᠪᠤᠷᠢ ᠶᠢ ᠪᠤᠶᠢᠵᠢᠭᠤᠯᠵᠤ᠂ ᠡᠬᠢ | ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠪᠠᠷ ᠤᠳᠤᠷᠢᠳᠤᠮᠵᠢ ᠪᠣᠯᠭᠠᠨ | ᠬᠥᠭᠵᠢᠯᠲᠡ ᠶᠢᠨ ᠭᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠪᠠᠳᠠᠷᠠᠯᠲᠤ ᠣᠨ ᠵᠢᠯ ᠢ ᠳᠠᠬᠢᠨᠲᠠ ᠢᠯᠡᠷᠡᠭᠦᠯᠵᠦ᠂ | ᠪᠤᠭᠤᠲᠤ ᠶᠢᠨ ᠴᠤᠬ ᠵᠢᠪᠬᠤᠭ᠎ᠠ ᠶᠢ ᠲᠠᠭᠢᠨ ᠮᠠᠨᠳᠤᠭᠤᠯᠤᠨ᠎ᠠ ᠭᠡᠵᠦ ᠬᠡᠯᠡᠪᠡ᠃ | ᠮᠧᠩ ᠰᠢᠶᠠᠨ ᠳ᠋ᠦᠩ ᠲᠥᠯᠥᠭᠡᠯᠡᠭᠴᠢ᠂ ᠢᠯᠡᠳᠬᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠬᠤ ᠳᠤ᠂ ᠭᠤᠷᠪᠠᠨ ᠵᠠᠩᠭᠢᠯᠠᠭ᠎ᠠ ᠶᠢᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠰᠢᠢᠳᠪᠦᠷᠢᠯᠡᠪᠡᠯ | ᠵᠣᠬᠢᠨ᠎ᠠ᠄ ᠨᠢᠭᠡ ᠳᠤ᠂ ᠥᠩᠭᠡᠷᠡᠭᠰᠡᠨ ᠲᠠᠪᠤᠨ ᠵᠢᠯ ᠪᠣᠯᠣᠨ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ | ᠠᠵᠢᠯ ᠦᠢᠯᠡᠰ ᠤᠨ ᠶᠡᠷᠦ ᠪᠤᠰᠤ ᠶᠢᠨ ᠠᠮᠵᠢᠯᠲᠠ ᠪᠦᠲᠦᠮᠵᠢ ᠪᠣᠯᠣᠨ ᠠᠭᠤᠤ ᠶᠡᠭᠡ ᠬᠤᠪᠢᠰᠤᠯᠲᠠ ᠶᠢ ᠭᠦᠢᠴᠡᠳ | ᠲᠠᠨᠢᠵᠤ᠂ ᠡᠲᠡᠭᠡᠷ ᠠᠮᠵᠢᠯᠲᠠ ᠪᠦᠲᠦᠮᠵᠢ ᠪᠣᠯᠣᠨ ᠬᠤᠪᠢᠰᠤᠯᠲᠠ ᠶᠢᠨ ᠦᠨᠳᠦᠰᠦᠨ ᠰᠢᠯᠲᠠᠭᠠᠨ ᠢ ᠭᠦᠢᠴᠡᠳ | ᠲᠠᠨᠢᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠬᠤ ᠬᠡᠷᠡᠭᠲᠡᠢ᠃ ᠬᠤᠶᠠᠷ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ | ᠭᠦᠨᠵᠡᠭᠡᠢ ᠣᠶᠢᠯᠠᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠣᠰᠣ ᠤᠴᠢᠷ᠂ ᠶᠣᠰᠣ ᠵᠦᠢ᠂ ᠭᠦᠨ ᠤᠬᠠᠭᠠᠨ ᠢ | ᠭᠦᠨᠵᠡᠭᠡᠢ ᠣᠶᠢᠯᠠᠭᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠴᠢᠳᠠᠪᠤᠷᠢ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠭᠤᠷᠪᠠ ᠳᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠡᠷᠮᠢᠴᠡ ᠠᠭᠤᠯᠤᠭᠳᠠᠬᠤᠨ ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ᠂ ᠬᠠᠷᠠᠯᠲᠠ ᠡᠭᠦᠷᠭᠡ ᠶᠢ ᠣᠨᠣᠪᠴᠢᠲᠠᠢ ᠡᠵᠡᠮᠳᠡᠵᠦ᠂ | ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠶᠢᠨ ᠳᠣᠣᠷ᠎ᠠ ᠭᠤᠣᠯ ᠰᠢᠪᠲᠤᠯᠤᠯᠲᠠ ᠶᠢᠨ ᠴᠢᠭᠯᠡᠯ ᠢᠶᠠᠨ | ᠲᠣᠭᠲᠠᠭᠠᠵᠤ᠂ ᠪᠠᠶᠢᠪᠠᠰᠤ ᠵᠣᠬᠢᠬᠤ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠭᠦ ᠬᠡᠷᠡᠭᠲᠡᠢ ᠭᠡᠵᠦ ᠬᠡᠯᠡᠪᠡ᠃ | ᠬᠤᠸᠠᠩ ᡁᠢ ᠴᠢᠶᠠᠩ ᠲᠥᠯᠥᠭᠡᠯᠡᠭᠴᠢ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠢ | ᠰᠤᠷᠤᠯᠴᠠᠬᠤ ᠲᠤᠳᠤᠮ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠰᠦᠷ ᠳᠠᠯᠠᠶᠢᠴᠠᠲᠠᠢ᠂ ᠰᠦᠷ ᠬᠦᠴᠦᠨ | ᠠᠤᠭ᠎ᠠ ᠶᠡᠭᠡ᠂ ᠦᠵᠡᠯ ᠰᠠᠨᠠᠭ᠎ᠠ ᠭᠦᠨ ᠭᠦᠨᠵᠡᠭᠡᠢ ᠰᠠᠨᠠᠭᠳᠠᠵᠤ ᠪᠠᠶᠢᠨ᠎ᠠ᠃ ᠪᠦᠭᠦ ᠢᠯᠡᠳᠬᠡᠯ ᠨᠢ ᠢᠲᠡᠭᠡᠯ | ᠪᠢᠰᠢᠷᠡᠯ ᠤᠨ ᠬᠦᠴᠦᠨ ᠢ ᠢᠯᠡᠷᠡᠭᠦᠯᠵᠦ᠂ ᠦᠨᠡᠨ ᠶᠣᠰᠣᠨ ᠤ ᠭᠡᠷᠡᠯ ᠭᠢᠯᠪᠠᠭ᠎ᠠ ᠰᠠᠴᠤᠷᠠᠭᠤᠯᠵᠤ ᠪᠠᠶᠢᠨ᠎ᠠ᠂ ᠡᠨᠡ ᠪᠣᠯ | ᠮᠠᠨ ᠤ ᠨᠠᠮ ᠤᠨ ᠰᠢᠨ᠎ᠡ ᠠᠶᠠᠨ ᠳᠤ ᠬᠠᠨᠳᠤᠬᠤ ᠴᠢᠬᠤᠯᠠ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ | ᠬᠥᠲᠥᠯᠪᠦᠷᠢ ᠪᠣᠯᠣᠨ᠎ᠠ᠃ ᠰᠢᠨ᠎ᠡ ᠴᠠᠭ ᠦᠶ᠎ᠡ ᠳᠤ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ | ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠬᠠᠮᠤᠭ ᠤᠨ ᠦᠨᠳᠦᠰᠦᠨ | ᠵᠦᠢᠯ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ | ᠭᠤᠣᠯᠯᠠᠭᠴᠢ ᠪᠣᠯᠵᠤ ᠵᠠᠯᠠᠭᠤᠷ ᠢ ᠡᠵᠡᠮᠳᠡᠵᠦ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠣᠯᠭᠤᠭᠰᠠᠨ ᠲᠠᠪᠤᠨ | ᠶᠡᠭᠡ ᠡᠭᠦᠷᠭᠡ ᠶᠢ ᠡᠷᠡᠰ ᠪᠡᠶᠡᠯᠡᠭᠦᠯᠵᠦ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠬᠡᠯᠡᠪᠡ᠃ | ᠬᠦᠦᠳᠠᠭᠤᠯᠠ ᠲᠥᠯᠥᠭᠡᠯᠡᠭᠴᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯ ᠰᠢᠨ᠎ᠡ ᠴᠠᠭ ᠦᠶ᠎ᠡ | ᠰᠢᠨ᠎ᠡ ᠠᠶᠠᠨ ᠳᠠᠬᠢ ᠭᠡᠷᠡᠯ ᠰᠠᠴᠤᠷᠠᠩᠭᠤᠢ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ | ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠣᠮᠤᠭ ᠲᠡᠭᠦᠯᠳᠡᠷ | ᠲᠤᠩᠬᠠᠭ ᠮᠥᠨ᠃ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠨᠢ | ᠨᠢᠭᠡᠳᠦᠮᠡᠯ ᠹᠷᠣᠨᠲ ᠤᠨ ᠠᠵᠢᠯ ᠳᠤ ᠠᠪᠴᠤ ᠬᠡᠯᠡᠪᠡᠯ᠂ ᠨᠢᠭᠡ ᠳᠤ᠂ ︽ᠬᠤᠶᠠᠷ ᠢ ᠲᠣᠭᠲᠠᠭᠠᠭᠰᠠᠨ︾ ᠢ ᠦᠨᠡᠨᠴᠢ | ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠥᠮᠥᠰ ᠤᠨ ᠰᠡᠳᠬᠢᠯ ᠢ ᠥᠷᠭᠡᠨ ᠢᠶᠠᠷ | ᠨᠢᠭᠲᠠᠷᠠᠭᠤᠯᠵᠤ᠂ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠤᠶᠠᠷ ᠲᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠶᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠬᠥᠪᠡᠭᠦᠳ | ᠥᠬᠢᠳ ᠤᠨ ᠶᠡᠭᠡ ᠪᠦᠯᠬᠦᠮᠳᠡᠯ ᠢ ᠠᠬᠢᠭᠤᠯᠬᠤ ᠥᠪᠥᠷ ᠮᠣᠩᠭᠤᠯ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ | ᠬᠡᠷᠡᠭᠲᠡᠢ ᠭᠡᠵᠦ ᠬᠡᠯᠡᠪᠡ᠃ | ᠵᠧᠩ ᠭᠤᠸᠠᠩ ᠵᠤᠤ ᠲᠥᠯᠥᠭᠡᠯᠡᠭᠴᠢ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠨᠢ ᠤᠯᠤᠰ | ᠲᠦᠷᠦ ᠶᠢᠨ ᠵᠢᠯᠣᠭᠤᠳᠤᠮᠵᠢ ᠪᠠᠷ ᠴᠢᠩᠭ᠎ᠠ᠂ ᠵᠣᠷᠢᠯᠲᠠ ᠶᠢᠨ ᠦᠵᠡᠯᠲᠡ ᠭᠦᠨ᠂ ᠪᠣᠳᠠᠲᠠᠢ ᠠᠵᠢᠯᠯᠠᠬᠤ | ᠤᠳᠤᠷᠢᠳᠤᠮᠵᠢ ᠲᠣᠳᠣᠷᠬᠠᠢ ᠪᠠᠶᠢᠵᠤ᠂ ᠰᠣᠨᠣᠰᠤᠭᠰᠠᠨ ᠤ ᠲᠠᠷᠠᠭ᠎ᠠ ᠮᠠᠰᠢ ᠤᠷᠮ᠎ᠠ ᠵᠣᠷᠢᠭ ᠲᠠᠢ ᠪᠣᠯᠵᠤ᠂ ᠡᠷᠴᠢ | ᠵᠣᠷᠢᠭ ᠬᠥᠪᠴᠢᠯᠡᠭᠳᠡᠪᠡ᠃ ᠥᠩᠭᠡᠷᠡᠭᠰᠡᠨ ᠠᠷᠪᠠᠨ ᠵᠢᠯ ᠳᠤ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ | ᠬᠦᠴᠢᠷ ᠢ ᠳᠠᠪᠠᠵᠤ ᠤᠷᠤᠭᠰᠢᠯᠠᠨ ᠳᠠᠪᠰᠢᠵᠤ᠂ ᠠᠮᠵᠢᠯᠲᠠ ᠪᠦᠲᠦᠮᠵᠢ ᠣᠯᠣᠭᠰᠠᠨ ᠨᠢ ᠭᠢᠯᠪᠠᠷ ᠪᠤᠰᠤ ᠪᠠᠶᠢᠵᠤ᠂ | ᠬᠥᠮᠥᠰ ᠢ ᠶᠡᠬᠡᠳᠡ ᠵᠣᠷᠢᠭᠵᠢᠭᠤᠯᠵᠤ᠂ ᠪᠢᠳᠡᠨ ᠤ ᠥᠨᠳᠥᠷ ᠣᠷᠭᠢᠯ ᠳᠤ ᠲᠠᠭᠢᠨ ᠠᠪᠠᠷᠢᠬᠤ ᠢᠲᠡᠭᠡᠯ ᠵᠣᠷᠢᠭ ᠡᠷᠡᠰ | ᠵᠣᠷᠢᠭ ᠢ ᠨᠠᠩ ᠪᠠᠲᠤᠳᠬᠠᠪᠠ᠃ ᠢᠯᠡᠳᠬᠡᠯ ᠳᠤ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠂ ᠪᠢᠳᠡ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠤᠯᠤᠰ ᠲᠥᠷᠥ ᠶᠢᠨ ᠠᠮᠤᠷ | ᠲᠦᠪᠰᠢᠨ ᠢ ᠬᠠᠮᠠᠭᠠᠯᠠᠬᠤ ᠰᠠᠨᠠᠭᠠᠴᠢᠯᠠᠭᠠᠲᠤ ᠳᠠᠶᠢᠯᠠᠯᠳᠤᠭᠠᠨ ᠵᠡᠷᠭᠡ ︽ᠲᠠᠪᠤᠨ ᠶᠡᠭᠡ ᠳᠠᠶᠢᠯᠠᠯᠳᠤᠭᠠᠨ︾ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠬᠤᠶᠠᠷ ᠢ ᠴᠡᠪᠡᠷᠯᠡᠵᠦ ᠬᠤᠶᠠᠷ ᠲᠤ ᠴᠣᠬᠢᠯᠲᠠ ᠥᠭᠬᠦ︾ | ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ | ᠬᠥᠭᠵᠢᠯᠲᠡ ᠶᠢᠨ ᠠᠮᠤᠷ ᠲᠦᠪᠰᠢᠨ ᠢ ᠪᠠᠲᠤᠯᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ︽ᠲᠠᠪᠤᠨ ᠲᠡᠷᠢᠭᠦᠨ ᠤ ᠳᠦᠷᠢ ᠲᠥᠷᠬᠦ︾ ᠶᠢ ᠱᠤᠭᠤᠬᠤ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ | ᠲᠦᠪᠰᠢᠨ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠬᠤᠷᠰᠢᠯ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ | ᠡᠷᠭᠦᠨ᠎ᠡ ᠭᠡᠵᠦ ᠬᠡᠯᠡᠪᠡ᠃ | |