ᠮᠠᠨ ᠤ ᠣᠷᠣᠨ ᠨᠢᠭᠡᠨᠲᠡ ᠠᠮᠤ ᠪᠤᠳᠠᠭᠠᠨ ᠤ ᠲᠠᠷᠢᠮᠠᠯ ᠤᠨ ᠠᠷᠪᠠᠨ ᠤ ᠨᠠᠢᠮᠠᠨ ᠬᠤᠪᠢ ᠶᠢ ᠨᠢ ᠬᠤᠷᠢᠶᠠᠪᠠ
ᠨᠡᠶᠢᠲᠡᠯᠡᠭᠰᠡᠨ ᠴᠠᠭ᠄
2022/10/29
    ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 10 ᠳ᠋ᠤᠭᠠᠷ ᠰᠠᠷ᠎ᠠ ᠶᠢᠨ 17᠎ ᠤ ᠡᠳᠦᠷ ᠪᠣᠯᠲᠠᠯ᠎ᠠ᠂ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠬᠤᠷᠢᠶᠠᠯᠲᠠ ᠨᠢᠭᠡᠨᠲᠡ 80%᠎ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 11 ᠵᠠᠭᠤᠨ ᠤ ᠴᠡᠭ ᠲᠦᠷᠭᠡᠨ ᠪᠣᠯᠵᠠᠢ᠃ ᠣᠳᠣ ᠪᠣᠯᠲᠠᠯ᠎ᠠ᠂ ᠪᠤᠭᠤᠳᠠᠢ᠂ ᠲᠥᠮᠥᠰᠥ ᠶᠢᠨ ᠬᠤᠷᠢᠶᠠᠯᠲᠠ ᠨᠢᠭᠡᠨᠲᠡ ᠳᠠᠭᠤᠰᠴᠤ᠂ ᠰᠢᠷ᠎ᠠ ᠪᠤᠷᠴᠠᠭ ᠪᠣᠯᠣᠨ ᠬᠤᠯᠢᠮᠠᠭ ᠠᠮᠤ ᠬᠤᠯᠢᠮᠠᠭ ᠪᠤᠷᠴᠠᠭ ᠤᠨ ᠬᠤᠷᠢᠶᠠᠯᠲᠠ ᠴᠥᠮ ᠠᠷᠪᠠᠨ ᠤ ᠶᠢᠰᠦᠨ ᠬᠤᠪᠢ ᠶᠢ ᠳᠠᠪᠠᠵᠤ᠂ ᠬᠤᠷᠢᠶᠠᠯᠲᠠ ᠶᠢᠨ ᠰᠡᠭᠦᠯᠴᠢ ᠶᠢᠨ ᠬᠤᠭᠤᠴᠠᠭᠠᠨ ᠳᠤ ᠣᠷᠣᠵᠤ᠂ ᠡᠷᠳᠡᠨᠢ ᠰᠢᠰᠢ ᠶᠢᠨ ᠬᠤᠷᠢᠶᠠᠯᠲᠠ ᠨᠢᠭᠡᠨᠲᠡ ᠠᠷᠪᠠᠨ ᠤ ᠲᠤᠯᠤᠭᠠᠨ ᠬᠤᠪᠢ ᠶᠢ ᠳᠠᠪᠠᠵᠤ᠂ ᠤᠰᠤᠨ ᠲᠤᠲᠤᠷᠭ᠎ᠠ ᠶᠢᠨ ᠬᠤᠷᠢᠶᠠᠯᠲᠠ ᠨᠢᠭᠡᠨᠲᠡ ᠠᠷᠪᠠᠨ ᠤ ᠲᠤᠯᠤᠭᠠᠨ ᠬᠤᠪᠢ ᠶᠢ ᠳᠠᠪᠠᠭᠰᠠᠨ ᠪᠠᠶᠢᠨ᠎ᠠ᠃ ᠤᠯᠠᠭᠠᠨᠴᠠᠪ ᠬᠤᠲᠠ᠂ ᠪᠤᠭᠤᠲᠤ ᠬᠤᠲᠠ ᠪᠣᠯᠣᠨ ᠰᠢᠯᠢ ᠶᠢᠨ ᠭᠤᠣᠯ ᠠᠶᠢᠮᠠᠭ ᠤᠨ ᠨᠠᠮᠤᠷ ᠤᠨ ᠬᠤᠷᠢᠶᠠᠯᠲᠠ ᠨᠢᠭᠡᠨᠲᠡ ᠦᠨᠳᠦᠰᠦᠨ ᠳᠤ ᠪᠠᠨ ᠳᠠᠭᠤᠰᠴᠤ᠂ ᠵᠢᠱᠢᠯᠲᠡ ᠪᠠᠷ ᠪᠥᠬᠦ ᠣᠷᠣᠨ ᠤ ᠨᠠᠮᠤᠷ ᠤᠨ ᠬᠤᠷᠢᠶᠠᠯᠲᠠ 11 ᠳ᠋ᠦ᠋ᠭᠡᠷ ᠰᠠᠷ᠎ᠠ ᠶᠢᠨ ᠡᠬᠢ ᠪᠠᠷ ᠦᠨᠳᠦᠰᠦᠨ ᠳᠤ ᠪᠠᠨ ᠳᠠᠭᠤᠰᠬᠤ ᠪᠣᠯᠣᠨ᠎ᠠ᠃    ᠡᠨᠡ ᠵᠢᠯ᠂ ᠥᠪᠥᠷ ᠮᠣᠩᠭᠤᠯ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠭᠤᠤᠷᠰᠤ ᠳᠠᠷᠤᠨ ᠠᠬᠢᠭᠤᠯᠵᠤ᠂ ᠠᠮᠤ ᠪᠤᠳᠠᠭ᠎ᠠ ᠳᠠᠷᠢᠬᠤ ᠳᠠᠯᠠᠪᠠᠢ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠴᠢᠨᠠᠷ ᠰᠠᠶᠢᠲᠠᠢ ᠪᠥᠭᠡᠳ ᠥᠨᠳᠥᠷ ᠤᠨᠠᠯᠲᠠ ᠲᠠᠢ ᠲᠦᠷᠦᠯ ᠵᠦᠢᠯ ᠢ ᠳᠡᠯᠭᠡᠷᠡᠭᠦᠯᠦᠨ᠂ ᠦᠢᠯᠡᠳᠪᠦᠷᠢᠯᠡᠯ ᠤᠨ ᠮᠡᠷᠭᠡᠵᠢᠯ ᠢ ᠰᠢᠯᠢᠨ ᠰᠤᠩᠭᠤᠬᠤ ᠪᠠ ᠭᠤᠤᠯᠴᠢᠯᠠᠨ ᠳᠡᠯᠭᠡᠷᠡᠭᠦᠯᠵᠦ᠂ ᠬᠡᠰᠡᠭ ᠭᠠᠵᠠᠷ ᠤᠨ ᠬᠠᠪᠤᠷ ᠤᠨ ᠭᠠᠩ ᠬᠠᠭᠰᠠᠷᠠᠭᠠᠨ ᠪᠠ ᠦᠶᠡᠷ ᠤᠰᠤᠲᠤᠯ ᠵᠡᠷᠭᠡ ᠠᠰᠢᠭ ᠦᠭᠡᠢ ᠴᠠᠭ ᠠᠭᠤᠷ ᠤᠨ ᠨᠥᠯᠥᠭᠡ ᠶᠢ ᠲᠡᠪᠴᠢᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠡᠷᠲᠡ ᠪᠣᠯᠪᠠᠰᠤᠷᠠᠬᠤ ᠶᠢ ᠠᠬᠢᠭᠤᠯᠤᠨ ᠬᠢᠷᠠᠭᠤ ᠡᠷᠲᠡ ᠤᠨᠠᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠨᠢᠭᠡ ᠨᠢᠭᠡ ᠭᠤᠭᠴᠤᠭ᠎ᠠ ᠪᠠᠷ ᠨᠠᠶᠢᠳᠠᠪᠤᠷᠢᠵᠢᠭᠤᠯᠵᠤ᠂ ᠨᠢᠭᠡ ᠨᠢᠭᠡ ᠲᠦᠷᠦᠯ ᠵᠦᠢᠯ ᠢᠶᠠᠷ ᠵᠢᠯᠤᠭᠤᠳᠴᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠡᠶᠡᠯᠡᠭᠦᠯᠪᠡ᠃    ᠣᠶᠢᠷ᠎ᠠ ᠶᠢᠨ ᠬᠤᠭᠤᠴᠠᠭᠠᠨ ᠳᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠠᠮᠤᠷ ᠤᠨ ᠬᠤᠷᠢᠶᠠᠯᠲᠠ ᠶᠢ ᠠᠬᠢᠭᠤᠯᠬᠤ ︽ᠬᠤᠶᠠᠷ ᠢ ᠥᠯᠥ ᠰᠠᠭᠠᠲᠠᠭᠠᠬᠤ︾᠎ ᠶᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠨ᠂ ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ᠂ ᠨᠠᠮᠤᠷ ᠤᠨ ᠬᠤᠷᠢᠶᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠬᠡᠷᠡᠭᠵᠢᠭᠦᠯᠦᠨ᠂ ᠬᠤᠷᠢᠶᠠᠯᠲᠠ ᠶᠢᠨ ᠵᠢᠯᠣᠭᠤᠳᠤᠯᠭ᠎ᠠ ᠦᠢᠯᠡᠴᠢᠯᠡᠭᠡ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠠᠯᠠᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠨᠠᠮᠤᠷ ᠤᠨ ᠬᠤᠷᠢᠶᠠᠯᠲᠠ ᠶᠢ ᠪᠠᠲᠤᠯᠠᠬᠤ ᠵᠢᠴᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠬᠦ ᠠᠵᠢᠯ ᠤᠨ ᠵᠢᠯᠤᠭᠤᠳᠬᠤ ᠳᠦᠷᠢᠮ︾᠎ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠳᠤ ᠠᠩᠬᠠᠨ ᠤ ᠪᠦᠯᠦᠭ 245 ︽ᠨᠡᠷᠡᠰ ᠤᠨ ᠴᠠᠭᠠᠨ ᠲᠠᠩᠰᠠ︾᠎ ᠶᠢᠨ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠭᠠᠵᠠᠷ ᠣᠷᠣᠨ ᠤ ᠲᠠᠷᠢᠶᠠᠴᠢᠨ ᠡᠷᠦᠬᠡ ᠶᠢᠨ ᠨᠠᠮᠤᠷ ᠤᠨ ᠬᠤᠷᠢᠶᠠᠯᠲᠠ ᠶᠢᠨ ᠠᠵᠢᠯ ᠤᠨ ᠬᠡᠷᠡᠭᠴᠡᠭᠡ ᠳᠤ ᠴᠢᠭᠯᠡᠭᠦᠯᠦᠨ᠂ ᠰᠢᠶᠠᠨ ᠤ ᠬᠡᠪᠴᠢᠶᠡᠨ ᠳᠤ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡ ᠥᠷᠨᠢᠭᠦᠯᠪᠡ᠃ ᠨᠠᠮᠤᠷ ᠤᠨ ᠬᠤᠷᠢᠶᠠᠯᠲᠠ ᠶᠢᠨ ᠪᠠᠲᠤᠯᠠᠪᠤᠷᠢ ᠶᠢᠨ ᠬᠠᠯᠠᠮᠰᠢᠯ ᠤᠲᠠᠰᠤ ᠶᠢ ᠲᠣᠬᠢᠷᠠᠭᠤᠯᠵᠤ᠂ ᠲᠦᠭᠵᠢᠷᠡᠯ ᠴᠡᠭ ᠢ ᠴᠢᠷᠮᠠᠶᠢᠨ ᠨᠠᠪᠲᠠᠷᠡᠭᠦᠯᠵᠦ᠂ ᠪᠦᠬᠦ ᠣᠷᠣᠨ ᠤ ᠡᠯ᠎ᠡ ᠭᠠᠵᠠᠷ ᠤᠨ ᠨᠠᠮᠤᠷ ᠤᠨ ᠬᠤᠷᠢᠶᠠᠯᠲᠠ ᠶᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠮᠥᠬᠦᠯᠢᠭ ᠠᠮᠤ ᠶᠢ ᠬᠥᠮᠥᠷᠭᠡ ᠳᠤ ᠣᠷᠣᠭᠤᠯᠬᠤ᠂ ᠡᠯᠪᠡᠭ ᠬᠤᠷᠢᠶᠠᠯᠲᠠ ᠶᠢ ᠭᠠᠷ ᠲᠤ ᠣᠷᠣᠭᠤᠯᠬᠤ ᠳᠤ ᠰᠠᠭᠤᠷᠢ ᠲᠠᠯᠪᠢᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1