ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ︽ᠶᠤᠸᠠᠨ ᠪᠦᠦ | ᠱᠠᠨ ᠲᠣᠭᠤᠷᠢᠭ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠳᠣᠣᠷᠠᠬᠢ ᠮᠡᠲᠦ | ᠲᠠᠶᠢᠯᠪᠤᠷᠢᠯᠠᠶ᠎ᠠ᠄ | ᠨᠢᠭᠡ᠂ ᠣᠷᠣᠨ ᠲᠣᠭᠠᠨ ᠤ ᠠᠬᠤᠶ ᠪᠠᠶᠢᠳᠠᠯ | ᠰᠢ ᠶᠢᠨ ᠫᠢᠩ ᠶᠡᠷᠦᠩᠬᠡᠶ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ | ᠡᠯ᠎ᠡ ᠱᠠᠲᠤᠨ ᠤ ᠠᠷᠠᠳ ᠤᠨ ᠵᠠᠰᠠᠭ ᠤ ᠣᠷᠳᠣᠨ ᠪᠣᠯᠤᠨ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠭᠠᠵᠠᠷ | ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠠᠵᠢᠯ ᠳᠠᠬᠢ ᠡᠭᠦᠷᠭᠡ ᠬᠠᠷᠢᠭᠤᠴᠠᠯᠭ᠎ᠠ ᠪᠣᠯᠤᠨ ᠪᠠᠶᠢᠷᠢ | ᠰᠠᠭᠤᠷᠢ ᠶᠢ ᠲᠣᠳᠣᠷᠬᠠᠶᠢᠯᠠᠵᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠶᠢ ᠬᠠᠤᠯᠢ ᠶᠣᠰᠣᠭᠠᠷ | ᠰᠢᠨᠵᠢᠯᠡᠬᠦ ᠤᠬᠠᠭᠠᠨᠴᠢ ᠪᠠᠷ᠂ ᠬᠦᠴᠦᠨ ᠲᠠᠢ ᠪᠥᠭᠡᠳ ᠡᠮᠬᠢ ᠵᠢᠷᠤᠮ ᠲᠠᠢ ᠪᠦᠲᠦᠮᠵᠢᠲᠡᠶ ᠪᠠᠷ ᠬᠡᠷᠡᠭᠵᠢᠭᠦᠯᠵᠦ᠂ | ᠬᠥᠮᠦᠨ ᠤ ᠦᠬᠦᠯ ᠰᠢᠷᠬᠠᠲᠤᠯ ᠪᠣᠯᠤᠨ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ | ᠨᠡᠶᠢᠭᠡᠮ ᠤᠨ ᠬᠡᠪ ᠤᠨ ᠡᠮᠬᠢ ᠳᠢᠭᠯᠢᠮ ᠢ ᠬᠠᠮᠠᠭᠠᠯᠠᠨ᠂ ᠶᠤᠸᠠᠨ ᠪᠦᠦ ᠱᠠᠨ ᠲᠤᠭᠤᠷᠢᠭ ᠤᠨ ᠠᠵᠤ ᠠᠬᠤᠶ | ᠨᠡᠶᠢᠭᠡᠮ ᠤᠨ ᠦᠷᠭᠦᠯᠵᠢᠯᠡᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠲᠤᠰ ᠪᠡᠯᠡᠳᠬᠡᠯ | ᠲᠥᠰᠦᠯ ᠢ ᠲᠣᠭᠲᠠᠭᠠᠪᠠ᠃ | ᠬᠤᠶᠠᠷ᠂ ᠣᠷᠣᠨ ᠲᠣᠭᠠᠨ ᠤ ᠦᠨᠳᠦᠰᠦᠯᠡᠯ | ︽ᠪᠥᠬᠦᠳᠡ ᠨᠠᠶᠢᠷᠠᠮᠳ ᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ ᠬᠠᠤᠯᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠲᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ︽ | 2019︾ 43 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ | ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ︵ᠥᠪᠥᠷ ᠵᠠᠰᠠᠭ | ᠠᠯᠪᠠᠨ ᠲᠠᠷᠬᠠᠭᠠᠭᠰᠠᠨ ︽2014︾ 113 ᠳ᠋ᠤᠭᠠᠷ ᠲᠣᠭᠠᠲᠤ︶᠂ ︽ᠤᠯᠠᠭᠠᠨᠬᠠᠳᠠ ᠬᠤᠲᠠ ᠶᠢᠨ ᠭᠠᠵᠠᠷ | ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵ᠤᠯᠠᠭᠠᠨ ᠵᠠᠰᠠᠭ ᠠᠯᠪᠠᠨ ᠲᠠᠷᠬᠠᠭᠠᠭᠰᠠᠨ ︹ | 2020 ︺ 15 ᠳ᠋ᠤᠭᠠᠷ ᠲᠣᠭᠠᠲᠤ︶᠂ ︽ᠶᠤᠸᠠᠨ ᠪᠦᠦ ᠱᠠᠨ ᠲᠣᠭᠤᠷᠢᠭ ᠤᠨ ᠭᠡᠨᠡᠳᠲᠡ ᠡᠭᠦᠰᠬᠦ ᠣᠯᠠᠨ | ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠪᠢᠴᠢᠭ ᠮᠠᠲ᠋ᠧᠷᠢᠶᠠᠯ᠃ | ᠭᠤᠷᠪᠠ᠂ ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠨᠢ ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠪᠤᠶᠤ ᠶᠤᠸᠠᠨ ᠪᠦᠦ ᠱᠠᠨ ᠲᠣᠭᠤᠷᠢᠭ ᠬᠢᠭᠡᠳ ᠬᠥᠷᠰᠢ ᠵᠡᠷᠭᠡᠯᠡᠳᠡᠭᠡ ᠮᠤᠵᠢ ︵ᠬᠤᠲᠠ᠂ ᠬᠤᠰᠢᠭᠤ ᠰᠢᠶᠠᠨ | ᠲᠣᠭᠤᠷᠢᠭ︶ ᠶᠢᠨ ᠠᠭᠤᠯᠵᠠᠷ ᠤᠨ ᠣᠷᠣᠨ ᠳᠤ ᠡᠭᠦᠰᠦᠭᠰᠡᠨ ᠡᠪᠳᠡᠯᠡᠭᠡ ᠶᠢᠨ ᠴᠢᠨᠠᠷᠲᠠᠶ ᠭᠠᠵᠠᠷ ᠬᠥᠳᠡᠯᠦᠯᠲᠡ ᠶᠢ | ᠠᠷᠭᠠᠴᠠᠬᠤ ᠪᠠ ᠰᠢᠶ᠋ᠳᠪᠦᠷᠢᠯᠡᠬᠦ ᠠᠵᠢᠯ ᠳᠤ ᠬᠡᠷᠡᠭᠯᠡᠭᠳᠡᠨ᠎ᠡ᠃ | ᠲᠦᠷᠪᠡ᠂ ᠦᠨᠳᠦᠰᠦᠨ ᠪᠦᠲᠦᠴᠡ ᠪᠠ ᠠᠭᠤᠯᠭ᠎ᠠ ᠶᠢᠨ ᠲᠣᠪᠴᠢ | ᠲᠣᠰ ᠪᠡᠯᠡᠳᠬᠡᠯ ᠲᠥᠰᠦᠯ ᠨᠢ ᠶᠡᠷᠦᠩᠬᠡᠶ ᠲᠦᠷᠢᠮ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠡᠭᠦᠷᠭᠡ | ᠬᠠᠷᠢᠭᠤᠴᠠᠯᠭ᠎ᠠ᠂ ᠭᠠᠵᠠᠷ ᠬᠥᠳᠡᠯᠦᠯᠲᠡ ᠶᠢᠨ ᠲᠠᠰ ᠬᠤᠪᠢᠶᠠᠬᠤ ᠪᠠ ᠠᠷᠭᠠᠴᠠᠭᠠᠯᠲᠠ᠂ ᠬᠢᠨᠠᠨ ᠬᠡᠮᠵᠢᠵᠦ ᠮᠡᠳᠡᠭᠦᠯᠬᠦ᠂ | ᠪᠠᠴᠢᠮ ᠪᠠᠶᠢᠳᠠᠯ ᠤᠨ ᠠᠷᠭᠠᠴᠠᠭᠠᠯᠲᠠ ᠶᠢᠨ ᠠᠷᠭ᠎ᠠ ᠬᠡᠮᠵᠢᠶ᠎ᠡ᠂ ᠵᠢᠯᠣᠭᠤᠳᠬᠤ ᠪᠠ ᠵᠣᠬᠢᠴᠠᠭᠤᠯᠬᠤ᠂ ᠳᠠᠬᠢᠨ | ᠰᠡᠷᠭᠦᠭᠡᠨ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠪᠤᠰᠤᠳ ᠭᠠᠵᠠᠷ ᠬᠥᠳᠡᠯᠦᠯᠲᠡ ᠵᠢᠴᠢ | ᠭᠠᠯᠲᠤ ᠠᠭᠤᠯᠠ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠠ ᠳᠠᠭᠠᠯᠳᠤᠭᠤᠯᠤᠭᠰᠠᠨ ᠲᠦᠷᠢᠮ ᠵᠡᠷᠭᠡ ᠠᠷᠪᠠᠨ | ᠬᠡᠰᠡᠭ ᠢᠶᠠᠷ ᠪᠦᠷᠢᠯᠳᠦᠪᠡ᠃ | ᠨᠢᠭᠡᠳᠦᠭᠡᠷ ᠪᠦᠯᠦᠭ᠄ ᠶᠡᠷᠦᠩᠬᠡᠶ ᠳᠦᠷᠢᠮ᠃ ᠣᠷᠣᠨ ᠲᠤᠭ᠎ᠠ ᠶᠢᠨ ᠵᠣᠷᠢᠯᠭ᠎ᠠ᠂ ᠣᠷᠣᠨ ᠲᠤᠭ᠎ᠠ ᠶᠢᠨ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠤᠨ ᠲᠤᠬᠠᠶ ᠲᠣᠭᠲᠠᠭᠠᠯ ᠭᠠᠷᠭᠠᠪᠠ᠃ | ᠬᠤᠶᠠᠳᠤᠭᠠᠷ ᠪᠦᠯᠦᠭ᠄ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠃ ᠮᠠᠨ ᠤ | ᠲᠤᠭᠤᠷᠢᠭ ᠤᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠵᠢᠯᠣᠭᠤᠳᠬᠤ ᠭᠠᠵᠠᠷ᠂ | ᠲᠤᠭᠤᠷᠢᠭ ᠤᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠵᠢᠯᠣᠭᠤᠳᠬᠤ | ᠭᠠᠵᠠᠷ ᠤᠨ ᠠᠯᠪᠠᠨ ᠬᠡᠷ᠂ ᠲᠤᠰᠬᠠᠶ ᠠᠵᠢᠯ ᠤᠨ ᠳᠤᠭᠤᠶᠢᠯᠠᠩ ᠪᠣᠯᠤᠨ ᠪᠠᠯᠭᠠᠰᠤ ᠰᠢᠶᠠᠩ ᠵᠡᠭᠡᠯᠢ ᠶᠢᠨ ᠱᠠᠲᠤᠨ ᠤ | ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠪᠦᠷᠢᠯᠳᠦᠬᠦᠨ ᠨᠢᠭᠡᠴᠡ᠂ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠪᠠ᠃ | ᠭᠤᠷᠪᠠᠳᠤᠭᠠᠷ ᠪᠦᠯᠦᠭ᠄ ᠭᠠᠵᠠᠷ ᠬᠥᠳᠡᠯᠦᠯᠲᠡ ᠶᠢᠨ ᠭᠠᠮᠰᠢᠭ ᠢ ᠳᠡᠰ ᠬᠤᠪᠢᠶᠠᠬᠤ ᠪᠠ ᠠᠷᠭᠠᠴᠠᠭᠠᠯᠲᠠ᠃ | ᠭᠠᠮᠰᠢᠭ ᠤᠨ ᠲᠠᠰ ᠬᠤᠪᠢᠶᠠᠬᠤ ᠪᠠᠷᠢᠮᠵᠢᠶ᠎ᠠ᠂ ᠠᠷᠭᠠᠴᠠᠭᠠᠯᠲᠠ ᠶᠢᠨ ᠲᠠᠰ ᠬᠤᠪᠢᠶᠠᠬᠤ ᠪᠠ ᠠᠷᠭᠠᠴᠠᠭᠠᠯᠲᠠ ᠶᠢᠨ | ᠡᠬᠢᠯᠡᠯᠲᠡ ᠶᠢᠨ ᠲᠠᠰ ᠳᠠᠷᠠᠭᠠᠯᠠᠯ ᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ᠄ ᠬᠢᠨᠠᠨ ᠬᠡᠮᠵᠢᠭᠰᠡᠨ ᠮᠡᠳᠡᠭᠦᠯᠦᠯᠲᠡ᠃ ᠭᠠᠵᠠᠷ ᠬᠥᠳᠡᠯᠦᠯᠲᠡ ᠶᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ᠂ ᠭᠠᠵᠠᠷ ᠬᠥᠳᠡᠯᠦᠯᠲᠡ ᠶᠢᠨ ᠪᠠᠶᠢᠳᠠᠯ ᠢ ᠲᠦᠷᠭᠡᠨ ᠮᠡᠳᠡᠭᠦᠯᠬᠦ ᠪᠠ ᠭᠠᠮᠰᠢᠭ ᠤᠨ ᠪᠠᠶᠢᠳᠠᠯ ᠢ | ᠮᠡᠳᠡᠭᠦᠯᠬᠦ ᠬᠠᠮᠢᠶ᠎ᠠ ᠪᠥᠬᠦᠶ ᠨᠢᠭᠡᠴᠡ᠂ ᠮᠡᠳᠡᠭᠦᠯᠬᠦ ᠶᠠᠪᠤᠴᠠ ᠶᠢ ᠳᠦᠷᠢᠮᠵᠢᠭᠦᠯᠪᠡ᠃ | ᠲᠠᠪᠤᠳᠤᠭᠠᠷ ᠪᠦᠯᠦᠭ᠄ ᠪᠠᠴᠢᠮ ᠪᠠᠶᠢᠳᠠᠯ ᠤᠨ ᠠᠷᠭᠠᠴᠠᠭᠠᠯᠲᠠ ᠬᠢᠬᠦ ᠠᠷᠭ᠎ᠠ ᠬᠡᠮᠵᠢᠶ᠎ᠡ᠃ ᠪᠠᠴᠢᠮ ᠪᠠᠶᠢᠳᠠᠯ ᠤᠨ | ᠠᠷᠭᠠᠴᠠᠭᠠᠯᠲᠠ ᠢ ᠡᠬᠢᠯᠡᠭᠦᠯᠬᠦ ᠪᠠ ᠳᠠᠭᠤᠰᠬᠠᠬᠤ ᠶᠢ ᠲᠣᠳᠣᠷᠬᠠᠶ ᠲᠣᠭᠲᠠᠭᠠᠪᠠ᠃ | ᠵᠢᠷᠭᠤᠳᠤᠭᠠᠷ ᠪᠦᠯᠦᠭ᠄ ᠵᠢᠯᠣᠭᠤᠳᠬᠤ ᠪᠠ ᠵᠣᠬᠢᠴᠠᠭᠤᠯᠬᠤ᠂ ᠭᠠᠵᠠᠷ ᠬᠥᠳᠡᠯᠦᠯᠲᠡ ᠶᠢᠨ ᠪᠠᠶᠢᠳᠠᠯ | ᠡᠭᠦᠰᠦᠭᠰᠡᠨ ᠤ ᠳᠠᠷᠠᠭᠠᠬᠢ ᠵᠢᠯᠣᠭᠤᠳᠬᠤ ᠪᠠ ᠵᠣᠬᠢᠴᠠᠭᠤᠯᠬᠤ ᠠᠵᠢᠯ ᠤᠨ ᠲᠣᠭᠲᠠᠴᠠ ᠶᠢ ᠲᠣᠳᠣᠷᠬᠠᠶ ᠪᠣᠯᠭᠠᠵᠠᠶ᠃ | ᠳᠣᠯᠣᠳᠤᠭᠠᠷ ᠪᠦᠯᠦᠭ᠄ ᠲᠠᠬᠢᠨ ᠰᠡᠷᠭᠦᠭᠡᠨ ᠪᠠᠶᠢᠭᠤᠯᠬᠤ᠂ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠭᠠᠮᠰᠢᠭ ᠤᠨ ᠳᠠᠷᠠᠭᠠᠬᠢ ᠲᠠᠬᠢᠨ ᠰᠡᠷᠭᠦᠭᠡᠨ ᠪᠦᠲᠦᠭᠡᠨ ᠪᠠᠶᠢᠭᠤᠯᠬᠤ ᠠᠵᠢᠯ ᠤᠨ ᠳᠤᠮᠳᠠᠬᠢ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠶ ᠪᠣᠯᠭᠠᠵᠠᠶ᠃ | ᠨᠠᠢᠮᠠᠳᠤᠭᠠᠷ ᠪᠦᠯᠦᠭ᠄ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠭᠤᠣᠯᠳᠠᠭᠤ ᠵᠣᠬᠢᠶᠠᠨ ᠪᠠᠶᠢᠭᠤᠯᠵᠤ | ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠰᠢᠰᠲ᠋ᠧᠮ ᠤᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠲᠤᠯᠠᠭ᠎ᠠ᠂ | ᠮᠡᠳᠡᠭᠡ ᠬᠤᠯᠪᠣᠭ᠎ᠠ ᠮᠡᠳᠡᠭᠡ ᠬᠤᠯᠪᠣᠭᠠᠨ ᠤ ᠪᠠᠲᠤᠯᠠᠭ᠎ᠠ᠂ ᠤᠯᠠᠨ ᠲᠦᠮᠡᠨ ᠤ ᠠᠮᠤᠷ ᠲᠦᠪᠰᠢᠨ ᠤ ᠪᠠᠲᠤᠯᠠᠭ᠎ᠠ᠂ ᠡᠳ᠋ | ᠪᠣᠳᠠᠰ ᠬᠢᠭᠡᠳ ᠪᠡᠯᠡ ᠮᠥᠩᠭᠦᠨ ᠤ ᠪᠠᠲᠤᠯᠠᠭ᠎ᠠ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ᠂ ᠵᠢᠯᠣᠭᠤᠳᠬᠤ | ᠲᠠᠪᠴᠠᠩ ᠤᠨ ᠪᠠᠲᠤᠯᠠᠭ᠎ᠠ᠂ ᠠᠶᠤᠯ ᠠᠴᠠ ᠵᠠᠶᠢᠯᠠᠬᠤ ᠲᠠᠯᠠᠪᠤᠷ ᠤᠨ ᠪᠠᠲᠤᠯᠠᠭ᠎ᠠ᠂ ᠵᠠᠮ ᠬᠠᠷᠢᠯᠴᠠᠭᠠᠨ ᠤ ᠠᠷᠤ | ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠤᠬᠠᠭᠤᠯᠭ᠎ᠠ ᠶᠢᠨ ᠪᠠᠲᠤᠯᠠᠭ᠎ᠠ ᠶᠢᠨ ᠲᠤᠬᠠᠶ ᠲᠣᠳᠣᠷᠬᠠᠶ ᠲᠣᠭᠲᠠᠭᠠᠯ | ᠭᠠᠷᠭᠠᠪᠠ᠃ | ᠶᠢᠰᠦᠳᠦᠭᠡᠷ ᠪᠦᠯᠦᠭ᠄ ᠪᠤᠰᠤᠳ ᠭᠠᠵᠠᠷ ᠬᠥᠳᠡᠯᠦᠯᠲᠡ ᠵᠢᠴᠢ ᠭᠠᠯᠲᠤ ᠠᠭᠤᠯᠠ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ᠂ ᠭᠤᠣᠯᠳᠠᠭᠤ ᠴᠢᠩᠭ᠎ᠠ ᠰᠡᠷᠡᠭᠳᠡᠯ ᠲᠠᠢ ᠭᠠᠵᠠᠷ ᠬᠥᠳᠡᠯᠦᠯᠲᠡ ᠶᠢᠨ ᠬᠡᠷᠡᠭ᠂ ᠭᠠᠵᠠᠷ | ᠬᠥᠳᠡᠯᠦᠯᠲᠡ ᠶᠢᠨ ᠴᠤᠤᠷᠬᠠᠯ ᠤᠨ ᠬᠡᠷᠡᠭ᠂ ᠭᠠᠯᠲᠤ ᠠᠭᠤᠯᠠ ᠶᠢᠨ ᠭᠠᠮᠰᠢᠭ ᠤᠨ ᠬᠡᠷᠡᠭ᠂ ᠬᠥᠷᠰᠢ ᠵᠡᠷᠭᠡᠯᠡᠳᠡᠭᠡ ᠪᠠ | ᠤᠯᠤᠰ ᠤᠨ ᠳᠣᠲᠣᠭᠠᠳᠤ ᠶᠢᠨ ᠭᠠᠵᠠᠷ ᠬᠥᠳᠡᠯᠦᠯᠲᠡ ᠶᠢᠨ ᠭᠠᠮᠰᠢᠭ ᠲᠤ ᠳᠠᠭᠠᠷᠢᠭᠳᠠᠭᠰᠠᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠤᠬᠠᠶ ᠲᠣᠳᠣᠷᠬᠠᠶ ᠲᠣᠭᠲᠠᠭᠠᠯ ᠭᠠᠷᠭᠠᠪᠠ᠃ | ᠠᠷᠪᠠᠳᠤᠭᠠᠷ ᠪᠦᠯᠦᠭ᠄ ᠳᠠᠭᠠᠯᠳᠤᠭᠤᠯᠤᠭᠰᠠᠨ ᠲᠦᠷᠢᠮ᠃ ᠭᠤᠣᠯᠳᠠᠭᠤ ᠱᠠᠩᠨᠠᠵᠤ ᠲᠣᠷᠭᠠᠬᠤ ᠪᠠ | ᠬᠠᠷᠢᠭᠤᠴᠠᠯᠭ᠎ᠠ᠂ ᠪᠡᠯᠡᠳᠬᠡᠯ ᠲᠥᠰᠦᠯ ᠢ ᠬᠠᠮᠢᠶᠠᠷᠤᠨ ᠰᠢᠨᠡᠳᠬᠡᠬᠦ᠂ ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠤᠨ | ᠲᠠᠯ᠎ᠠ ᠪᠠᠷ ᠲᠣᠭᠲᠠᠭᠠᠯ ᠭᠠᠷᠭᠠᠪᠠ᠃ | ᠲᠠᠶᠢᠯᠤᠮᠵᠢ ᠬᠢᠭᠰᠡᠨ ᠨᠢᠭᠡᠴᠡ᠄ | ᠶᠤᠸᠠᠨ ᠪᠦᠦ ᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | | |