︽ᠶᠤᠸᠠᠨ ᠪᠦᠦ ᠱᠠᠨ ᠣᠷᠣᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/10/29
ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ︽ᠶᠤᠸᠠᠨ ᠪᠦᠦ ᠱᠠᠨ ᠲᠣᠭᠤᠷᠢᠭ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠢ ᠳᠣᠣᠷᠠᠬᠢ ᠮᠡᠲᠦ ᠲᠠᠶᠢᠯᠪᠤᠷᠢᠯᠠᠶ᠎ᠠ᠄    ᠨᠢᠭᠡ᠂ ᠣᠷᠣᠨ ᠲᠣᠭᠠᠨ ᠤ ᠠᠬᠤᠶ ᠪᠠᠶᠢᠳᠠᠯ    ᠰᠢ ᠶᠢᠨ ᠫᠢᠩ ᠶᠡᠷᠦᠩᠬᠡᠶ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠡᠯ᠎ᠡ ᠱᠠᠲᠤᠨ ᠤ ᠠᠷᠠᠳ ᠤᠨ ᠵᠠᠰᠠᠭ ᠤ ᠣᠷᠳᠣᠨ ᠪᠣᠯᠤᠨ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠠᠵᠢᠯ ᠳᠠᠬᠢ ᠡᠭᠦᠷᠭᠡ ᠬᠠᠷᠢᠭᠤᠴᠠᠯᠭ᠎ᠠ ᠪᠣᠯᠤᠨ ᠪᠠᠶᠢᠷᠢ ᠰᠠᠭᠤᠷᠢ ᠶᠢ ᠲᠣᠳᠣᠷᠬᠠᠶᠢᠯᠠᠵᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠶᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ᠂ ᠬᠦᠴᠦᠨ ᠲᠠᠢ ᠪᠥᠭᠡᠳ ᠡᠮᠬᠢ ᠵᠢᠷᠤᠮ ᠲᠠᠢ ᠪᠦᠲᠦᠮᠵᠢᠲᠡᠶ ᠪᠠᠷ ᠬᠡᠷᠡᠭᠵᠢᠭᠦᠯᠵᠦ᠂ ᠬᠥᠮᠦᠨ ᠤ ᠦᠬᠦᠯ ᠰᠢᠷᠬᠠᠲᠤᠯ ᠪᠣᠯᠤᠨ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠨᠡᠶᠢᠭᠡᠮ ᠤᠨ ᠬᠡᠪ ᠤᠨ ᠡᠮᠬᠢ ᠳᠢᠭᠯᠢᠮ ᠢ ᠬᠠᠮᠠᠭᠠᠯᠠᠨ᠂ ᠶᠤᠸᠠᠨ ᠪᠦᠦ ᠱᠠᠨ ᠲᠤᠭᠤᠷᠢᠭ ᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠲᠤᠰ ᠪᠡᠯᠡᠳᠬᠡᠯ ᠲᠥᠰᠦᠯ ᠢ ᠲᠣᠭᠲᠠᠭᠠᠪᠠ᠃    ᠬᠤᠶᠠᠷ᠂ ᠣᠷᠣᠨ ᠲᠣᠭᠠᠨ ᠤ ᠦᠨᠳᠦᠰᠦᠯᠡᠯ    ︽ᠪᠥᠬᠦᠳᠡ ᠨᠠᠶᠢᠷᠠᠮᠳ ᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ︽2019︾ 43 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ︽2014︾ 113 ᠳ᠋ᠤᠭᠠᠷ ᠲᠣᠭᠠᠲᠤ︶᠂ ︽ᠤᠯᠠᠭᠠᠨᠬᠠᠳᠠ ᠬᠤᠲᠠ ᠶᠢᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵ᠤᠯᠠᠭᠠᠨ ᠵᠠᠰᠠᠭ ᠠᠯᠪᠠᠨ ᠲᠠᠷᠬᠠᠭᠠᠭᠰᠠᠨ ︹ 2020 ︺ 15 ᠳ᠋ᠤᠭᠠᠷ ᠲᠣᠭᠠᠲᠤ︶᠂ ︽ᠶᠤᠸᠠᠨ ᠪᠦᠦ ᠱᠠᠨ ᠲᠣᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠃    ᠭᠤᠷᠪᠠ᠂ ᠬᠡᠷᠡᠭᠯᠡᠬᠦ ᠬᠡᠪᠴᠢᠶ᠎ᠡ    ᠲᠣᠰ ᠪᠡᠯᠡᠳᠬᠡᠯ ᠲᠥᠰᠦᠯ ᠨᠢ ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠤᠶᠤ ᠶᠤᠸᠠᠨ ᠪᠦᠦ ᠱᠠᠨ ᠲᠣᠭᠤᠷᠢᠭ ᠬᠢᠭᠡᠳ ᠬᠥᠷᠰᠢ ᠵᠡᠷᠭᠡᠯᠡᠳᠡᠭᠡ ᠮᠤᠵᠢ ︵ᠬᠤᠲᠠ᠂ ᠬᠤᠰᠢᠭᠤ ᠰᠢᠶᠠᠨ ᠲᠣᠭᠤᠷᠢᠭ︶᠎ ᠶᠢᠨ ᠠᠭᠤᠯᠵᠠᠷ ᠤᠨ ᠣᠷᠣᠨ ᠳᠤ ᠡᠭᠦᠰᠦᠭᠰᠡᠨ ᠡᠪᠳᠡᠯᠡᠭᠡ ᠶᠢᠨ ᠴᠢᠨᠠᠷᠲᠠᠶ ᠭᠠᠵᠠᠷ ᠬᠥᠳᠡᠯᠦᠯᠲᠡ ᠶᠢ ᠠᠷᠭᠠᠴᠠᠬᠤ ᠪᠠ ᠰᠢᠶ᠋ᠳᠪᠦᠷᠢᠯᠡᠬᠦ ᠠᠵᠢᠯ ᠳᠤ ᠬᠡᠷᠡᠭᠯᠡᠭᠳᠡᠨ᠎ᠡ᠃    ᠲᠦᠷᠪᠡ᠂ ᠦᠨᠳᠦᠰᠦᠨ ᠪᠦᠲᠦᠴᠡ ᠪᠠ ᠠᠭᠤᠯᠭ᠎ᠠ ᠶᠢᠨ ᠲᠣᠪᠴᠢ    ᠲᠣᠰ ᠪᠡᠯᠡᠳᠬᠡᠯ ᠲᠥᠰᠦᠯ ᠨᠢ ᠶᠡᠷᠦᠩᠬᠡᠶ ᠲᠦᠷᠢᠮ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠡᠭᠦᠷᠭᠡ ᠬᠠᠷᠢᠭᠤᠴᠠᠯᠭ᠎ᠠ᠂ ᠭᠠᠵᠠᠷ ᠬᠥᠳᠡᠯᠦᠯᠲᠡ ᠶᠢᠨ ᠲᠠᠰ ᠬᠤᠪᠢᠶᠠᠬᠤ ᠪᠠ ᠠᠷᠭᠠᠴᠠᠭᠠᠯᠲᠠ᠂ ᠬᠢᠨᠠᠨ ᠬᠡᠮᠵᠢᠵᠦ ᠮᠡᠳᠡᠭᠦᠯᠬᠦ᠂ ᠪᠠᠴᠢᠮ ᠪᠠᠶᠢᠳᠠᠯ ᠤᠨ ᠠᠷᠭᠠᠴᠠᠭᠠᠯᠲᠠ ᠶᠢᠨ ᠠᠷᠭ᠎ᠠ ᠬᠡᠮᠵᠢᠶ᠎ᠡ᠂ ᠵᠢᠯᠣᠭᠤᠳᠬᠤ ᠪᠠ ᠵᠣᠬᠢᠴᠠᠭᠤᠯᠬᠤ᠂ ᠳᠠᠬᠢᠨ ᠰᠡᠷᠭᠦᠭᠡᠨ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠪᠤᠰᠤᠳ ᠭᠠᠵᠠᠷ ᠬᠥᠳᠡᠯᠦᠯᠲᠡ ᠵᠢᠴᠢ ᠭᠠᠯᠲᠤ ᠠᠭᠤᠯᠠ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠠ ᠳᠠᠭᠠᠯᠳᠤᠭᠤᠯᠤᠭᠰᠠᠨ ᠲᠦᠷᠢᠮ ᠵᠡᠷᠭᠡ ᠠᠷᠪᠠᠨ ᠬᠡᠰᠡᠭ ᠢᠶᠠᠷ ᠪᠦᠷᠢᠯᠳᠦᠪᠡ᠃    ᠨᠢᠭᠡᠳᠦᠭᠡᠷ ᠪᠦᠯᠦᠭ᠄ ᠶᠡᠷᠦᠩᠬᠡᠶ ᠳᠦᠷᠢᠮ᠃ ᠣᠷᠣᠨ ᠲᠤᠭ᠎ᠠ ᠶᠢᠨ ᠵᠣᠷᠢᠯᠭ᠎ᠠ᠂ ᠣᠷᠣᠨ ᠲᠤᠭ᠎ᠠ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠤᠨ ᠲᠤᠬᠠᠶ ᠲᠣᠭᠲᠠᠭᠠᠯ ᠭᠠᠷᠭᠠᠪᠠ᠃    ᠬᠤᠶᠠᠳᠤᠭᠠᠷ ᠪᠦᠯᠦᠭ᠄ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠃ ᠮᠠᠨ ᠤ ᠲᠤᠭᠤᠷᠢᠭ ᠤᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠵᠢᠯᠣᠭᠤᠳᠬᠤ ᠭᠠᠵᠠᠷ᠂ ᠲᠤᠭᠤᠷᠢᠭ ᠤᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ᠂ ᠲᠤᠰᠬᠠᠶ ᠠᠵᠢᠯ ᠤᠨ ᠳᠤᠭᠤᠶᠢᠯᠠᠩ ᠪᠣᠯᠤᠨ ᠪᠠᠯᠭᠠᠰᠤ ᠰᠢᠶᠠᠩ ᠵᠡᠭᠡᠯᠢ ᠶᠢᠨ ᠱᠠᠲᠤᠨ ᠤ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠪᠦᠷᠢᠯᠳᠦᠬᠦᠨ ᠨᠢᠭᠡᠴᠡ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃    ᠭᠤᠷᠪᠠᠳᠤᠭᠠᠷ ᠪᠦᠯᠦᠭ᠄ ᠭᠠᠵᠠᠷ ᠬᠥᠳᠡᠯᠦᠯᠲᠡ ᠶᠢᠨ ᠭᠠᠮᠰᠢᠭ ᠢ ᠳᠡᠰ ᠬᠤᠪᠢᠶᠠᠬᠤ ᠪᠠ ᠠᠷᠭᠠᠴᠠᠭᠠᠯᠲᠠ᠃ ᠭᠠᠮᠰᠢᠭ ᠤᠨ ᠲᠠᠰ ᠬᠤᠪᠢᠶᠠᠬᠤ ᠪᠠᠷᠢᠮᠵᠢᠶ᠎ᠠ᠂ ᠠᠷᠭᠠᠴᠠᠭᠠᠯᠲᠠ ᠶᠢᠨ ᠲᠠᠰ ᠬᠤᠪᠢᠶᠠᠬᠤ ᠪᠠ ᠠᠷᠭᠠᠴᠠᠭᠠᠯᠲᠠ ᠶᠢᠨ ᠡᠬᠢᠯᠡᠯᠲᠡ ᠶᠢᠨ ᠲᠠᠰ ᠳᠠᠷᠠᠭᠠᠯᠠᠯ ᠢ ᠲᠣᠳᠣᠷᠬᠠᠶᠢᠯᠠᠪᠠ᠃    ᠳᠥᠷᠪᠡᠳᠦᠭᠡᠷ ᠪᠦᠯᠦᠭ᠄ ᠬᠢᠨᠠᠨ ᠬᠡᠮᠵᠢᠭᠰᠡᠨ ᠮᠡᠳᠡᠭᠦᠯᠦᠯᠲᠡ᠃ ᠭᠠᠵᠠᠷ ᠬᠥᠳᠡᠯᠦᠯᠲᠡ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠭᠠᠵᠠᠷ ᠬᠥᠳᠡᠯᠦᠯᠲᠡ ᠶᠢᠨ ᠪᠠᠶᠢᠳᠠᠯ ᠢ ᠲᠦᠷᠭᠡᠨ ᠮᠡᠳᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠬᠠᠮᠢᠶ᠎ᠠ ᠪᠥᠬᠦᠶ ᠨᠢᠭᠡᠴᠡ᠂ ᠮᠡᠳᠡᠭᠦᠯᠬᠦ ᠶᠠᠪᠤᠴᠠ ᠶᠢ ᠳᠦᠷᠢᠮᠵᠢᠭᠦᠯᠪᠡ᠃    ᠲᠠᠪᠤᠳᠤᠭᠠᠷ ᠪᠦᠯᠦᠭ᠄ ᠪᠠᠴᠢᠮ ᠪᠠᠶᠢᠳᠠᠯ ᠤᠨ ᠠᠷᠭᠠᠴᠠᠭᠠᠯᠲᠠ ᠬᠢᠬᠦ ᠠᠷᠭ᠎ᠠ ᠬᠡᠮᠵᠢᠶ᠎ᠡ᠃ ᠪᠠᠴᠢᠮ ᠪᠠᠶᠢᠳᠠᠯ ᠤᠨ ᠠᠷᠭᠠᠴᠠᠭᠠᠯᠲᠠ ᠢ ᠡᠬᠢᠯᠡᠭᠦᠯᠬᠦ ᠪᠠ ᠳᠠᠭᠤᠰᠬᠠᠬᠤ ᠶᠢ ᠲᠣᠳᠣᠷᠬᠠᠶ ᠲᠣᠭᠲᠠᠭᠠᠪᠠ᠃    ᠵᠢᠷᠭᠤᠳᠤᠭᠠᠷ ᠪᠦᠯᠦᠭ᠄ ᠵᠢᠯᠣᠭᠤᠳᠬᠤ ᠪᠠ ᠵᠣᠬᠢᠴᠠᠭᠤᠯᠬᠤ᠂ ᠭᠠᠵᠠᠷ ᠬᠥᠳᠡᠯᠦᠯᠲᠡ ᠶᠢᠨ ᠪᠠᠶᠢᠳᠠᠯ ᠡᠭᠦᠰᠦᠭᠰᠡᠨ ᠤ ᠳᠠᠷᠠᠭᠠᠬᠢ ᠵᠢᠯᠣᠭᠤᠳᠬᠤ ᠪᠠ ᠵᠣᠬᠢᠴᠠᠭᠤᠯᠬᠤ ᠠᠵᠢᠯ ᠤᠨ ᠲᠣᠭᠲᠠᠴᠠ ᠶᠢ ᠲᠣᠳᠣᠷᠬᠠᠶ ᠪᠣᠯᠭᠠᠵᠠᠶ᠃    ᠳᠣᠯᠣᠳᠤᠭᠠᠷ ᠪᠦᠯᠦᠭ᠄ ᠲᠠᠬᠢᠨ ᠰᠡᠷᠭᠦᠭᠡᠨ ᠪᠠᠶᠢᠭᠤᠯᠬᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠮᠰᠢᠭ ᠤᠨ ᠳᠠᠷᠠᠭᠠᠬᠢ ᠲᠠᠬᠢᠨ ᠰᠡᠷᠭᠦᠭᠡᠨ ᠪᠦᠲᠦᠭᠡᠨ ᠪᠠᠶᠢᠭᠤᠯᠬᠤ ᠠᠵᠢᠯ ᠤᠨ ᠳᠤᠮᠳᠠᠬᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠠᠶ᠃    ᠨᠠᠢᠮᠠᠳᠤᠭᠠᠷ ᠪᠦᠯᠦᠭ᠄ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠭᠤᠣᠯᠳᠠᠭᠤ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠤᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠲᠤᠯᠠᠭ᠎ᠠ᠂ ᠮᠡᠳᠡᠭᠡ ᠬᠤᠯᠪᠣᠭ᠎ᠠ ᠮᠡᠳᠡᠭᠡ ᠬᠤᠯᠪᠣᠭᠠᠨ ᠤ ᠪᠠᠲᠤᠯᠠᠭ᠎ᠠ᠂ ᠤᠯᠠᠨ ᠲᠦᠮᠡᠨ ᠤ ᠠᠮᠤᠷ ᠲᠦᠪᠰᠢᠨ ᠤ ᠪᠠᠲᠤᠯᠠᠭ᠎ᠠ᠂ ᠡᠳ᠋ ᠪᠣᠳᠠᠰ ᠬᠢᠭᠡᠳ ᠪᠡᠯᠡ ᠮᠥᠩᠭᠦᠨ ᠤ ᠪᠠᠲᠤᠯᠠᠭ᠎ᠠ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ᠂ ᠵᠢᠯᠣᠭᠤᠳᠬᠤ ᠲᠠᠪᠴᠠᠩ ᠤᠨ ᠪᠠᠲᠤᠯᠠᠭ᠎ᠠ᠂ ᠠᠶᠤᠯ ᠠᠴᠠ ᠵᠠᠶᠢᠯᠠᠬᠤ ᠲᠠᠯᠠᠪᠤᠷ ᠤᠨ ᠪᠠᠲᠤᠯᠠᠭ᠎ᠠ᠂ ᠵᠠᠮ ᠬᠠᠷᠢᠯᠴᠠᠭᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠤᠬᠠᠭᠤᠯᠭ᠎ᠠ ᠶᠢᠨ ᠪᠠᠲᠤᠯᠠᠭ᠎ᠠ ᠶᠢᠨ ᠲᠤᠬᠠᠶ ᠲᠣᠳᠣᠷᠬᠠᠶ ᠲᠣᠭᠲᠠᠭᠠᠯ ᠭᠠᠷᠭᠠᠪᠠ᠃    ᠶᠢᠰᠦᠳᠦᠭᠡᠷ ᠪᠦᠯᠦᠭ᠄ ᠪᠤᠰᠤᠳ ᠭᠠᠵᠠᠷ ᠬᠥᠳᠡᠯᠦᠯᠲᠡ ᠵᠢᠴᠢ ᠭᠠᠯᠲᠤ ᠠᠭᠤᠯᠠ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ᠂ ᠭᠤᠣᠯᠳᠠᠭᠤ ᠴᠢᠩᠭ᠎ᠠ ᠰᠡᠷᠡᠭᠳᠡᠯ ᠲᠠᠢ ᠭᠠᠵᠠᠷ ᠬᠥᠳᠡᠯᠦᠯᠲᠡ ᠶᠢᠨ ᠬᠡᠷᠡᠭ᠂ ᠭᠠᠵᠠᠷ ᠬᠥᠳᠡᠯᠦᠯᠲᠡ ᠶᠢᠨ ᠴᠤᠤᠷᠬᠠᠯ ᠤᠨ ᠬᠡᠷᠡᠭ᠂ ᠭᠠᠯᠲᠤ ᠠᠭᠤᠯᠠ ᠶᠢᠨ ᠭᠠᠮᠰᠢᠭ ᠤᠨ ᠬᠡᠷᠡᠭ᠂ ᠬᠥᠷᠰᠢ ᠵᠡᠷᠭᠡᠯᠡᠳᠡᠭᠡ ᠪᠠ ᠤᠯᠤᠰ ᠤᠨ ᠳᠣᠲᠣᠭᠠᠳᠤ ᠶᠢᠨ ᠭᠠᠵᠠᠷ ᠬᠥᠳᠡᠯᠦᠯᠲᠡ ᠶᠢᠨ ᠭᠠᠮᠰᠢᠭ ᠲᠤ ᠳᠠᠭᠠᠷᠢᠭᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠤᠬᠠᠶ ᠲᠣᠳᠣᠷᠬᠠᠶ ᠲᠣᠭᠲᠠᠭᠠᠯ ᠭᠠᠷᠭᠠᠪᠠ᠃    ᠠᠷᠪᠠᠳᠤᠭᠠᠷ ᠪᠦᠯᠦᠭ᠄ ᠳᠠᠭᠠᠯᠳᠤᠭᠤᠯᠤᠭᠰᠠᠨ ᠲᠦᠷᠢᠮ᠃ ᠭᠤᠣᠯᠳᠠᠭᠤ ᠱᠠᠩᠨᠠᠵᠤ ᠲᠣᠷᠭᠠᠬᠤ ᠪᠠ ᠬᠠᠷᠢᠭᠤᠴᠠᠯᠭ᠎ᠠ᠂ ᠪᠡᠯᠡᠳᠬᠡᠯ ᠲᠥᠰᠦᠯ ᠢ ᠬᠠᠮᠢᠶᠠᠷᠤᠨ ᠰᠢᠨᠡᠳᠬᠡᠬᠦ᠂ ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠤᠨ ᠲᠠᠯ᠎ᠠ ᠪᠠᠷ ᠲᠣᠭᠲᠠᠭᠠᠯ ᠭᠠᠷᠭᠠᠪᠠ᠃    ᠲᠠᠶᠢᠯᠤᠮᠵᠢ ᠬᠢᠭᠰᠡᠨ ᠨᠢᠭᠡᠴᠡ᠄    ᠶᠤᠸᠠᠨ ᠪᠦᠦ ᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ    
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1