10 ᠰᠠᠷ᠎ᠠ ᠶᠢᠨ 20 ᠤ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠤᠰ | ᠲᠥᠷᠥ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠦᠨᠡᠨ ᠬᠦ | ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ | ᠪᠣᠳᠠᠲᠠᠶᠢᠵᠢᠭᠤᠯᠬᠤ᠂ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠨᠡᠶᠢᠭᠡᠮ ᠳᠡᠭᠡᠷᠡᠬᠢ ᠡᠪᠡᠳᠴᠢᠨ ᠤ | ᠵᠢᠱᠢᠶ᠎ᠡ ᠶᠢ ᠦᠭᠡᠢ ᠪᠤᠯᠭᠠᠬᠤ ᠶᠢ ᠳᠠᠷᠤᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠭᠢᠯᠡᠭᠴᠢ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ | ᠳᠠᠷᠤᠭ᠎ᠠ ᠼᠤᠤ ᠰᠢᠤᠸᠠᠢ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠼᠤᠤ ᠰᠢᠤᠸᠠᠢ ᠲᠤᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠩᠬᠠᠷᠴᠤ᠂ | ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠢᠶᠠᠷ ᠨᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠥᠮᠥᠰ ᠢ | ᠳᠠᠬᠢᠨᠲᠠ ᠨᠠᠷᠢᠯᠢᠭ ᠴᠢᠩᠭ᠎ᠠ ᠰᠠᠶᠢᠲᠤᠷ ᠬᠠᠮᠢᠶᠠᠷᠴᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠳᠠᠬᠢᠨᠲᠠ | ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠰᠡᠷᠭᠡᠶᠢᠯᠡᠯᠲᠡ ᠶᠢᠨ ᠱᠤᠭᠤᠮ ᠢ ᠳᠠᠬᠢᠨᠲᠠ ᠴᠢᠩᠭ᠎ᠠ ᠪᠣᠳᠠᠲᠠᠢ | ᠰᠠᠬᠢᠬᠤ ᠬᠡᠷᠡᠭᠲᠡᠢ᠃ ᠡᠯ᠎ᠡ ᠲᠥᠷᠥᠯ ᠤᠨ ᠠᠶᠤᠯ ᠲᠦᠭᠰᠢᠭᠦᠷᠢ ᠭᠡᠮ ᠰᠣᠭᠤᠭ ᠢ ᠣᠨᠢᠯᠠᠵᠤ᠂ ᠬᠢᠵᠢᠭ ᠤᠨ ᠪᠠᠶᠢᠳᠠᠯ | ᠬᠥᠮᠥᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠳᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠵᠦ᠂ ︽ᠳᠥᠷᠪᠡᠨ | ᠲᠠᠯ᠎ᠠ︾ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠨᠣᠴᠠᠲᠠᠢ ᠪᠠᠷ ᠲᠥᠷᠥᠯ ᠬᠤᠪᠢᠶᠠᠨ ᠬᠠᠮᠢᠶᠠᠷᠴᠤ᠂ ᠲᠤᠰᠬᠠᠢ ᠵᠢᠯᠣᠭᠤᠳᠤᠯᠭ᠎ᠠ ᠪᠠᠨ | ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠤᠶᠠᠷ ᠲᠠᠯ᠎ᠠ ᠪᠠᠷ ᠠᠳᠬᠤᠵᠤ ᠬᠤᠶᠠᠷ ᠲᠠᠯ᠎ᠠ ᠪᠠᠷ | ᠬᠠᠷᠠᠭᠠᠯᠵᠠᠬᠤ ᠶᠢ ᠪᠡᠶᠡᠯᠡᠭᠦᠯᠵᠦ᠂ ᠬᠤᠲᠠ ᠶᠢᠨ ᠡᠷᠭᠢᠯᠲᠡ᠂ ᠪᠠᠷᠠᠭᠠᠨ ᠤ ᠭᠦᠢᠯᠭᠡᠭᠡ ᠶᠢᠨ ᠬᠠᠩᠭᠠᠯᠭ᠎ᠠ ᠶᠢ ᠪᠠᠲᠤᠯᠠᠬᠤ | ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ | ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ | ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ᠂ ᠴᠢᠩᠭ᠎ᠠ ᠲᠤᠯᠭᠠᠮ ᠤᠬᠠᠮᠰᠠᠷ ᠪᠣᠯᠣᠨ ᠲᠦᠢᠯ ᠤᠨ | ᠬᠠᠷᠢᠭᠤᠴᠠᠯᠭᠠᠲᠤ ᠣᠪᠣᠷ ᠢᠶᠠᠷ᠂ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠲᠦᠢᠯᠪᠤᠷᠢᠲᠠᠢ ᠨᠠᠶᠢᠳᠠᠪᠤᠷᠢᠵᠢᠭᠤᠯᠵᠤ᠂ | ᠢᠮᠠᠭᠲᠠ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ | ᠂ ᠬᠠᠮᠤᠭ ᠤᠨ ᠲᠦᠷᠭᠡᠨ ᠬᠤᠷᠳᠤᠴᠠ ᠪᠠᠷ ᠡᠪᠡᠳᠴᠢᠨ ᠤ ᠵᠢᠱᠢᠶ᠎ᠡ ᠪᠣᠯᠣᠨ ᠨᠢᠭᠲᠠ ᠣᠶᠢᠷᠠᠲᠤᠭᠰᠠᠳ ᠢ ᠲᠣᠭᠲᠠᠭᠠᠵᠤ | ᠂ ᠰᠢᠯᠵᠢᠭᠦᠯᠦᠨ ᠵᠥᠭᠡᠭᠡᠪᠦᠷᠢᠯᠡᠵᠦ᠂ ᠲᠤᠰᠠᠭᠠᠷᠯᠠᠵᠤ᠂ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ ᠪᠠ | ᠨᠢᠭᠲᠠ ᠣᠶᠢᠷᠠᠲᠤᠭᠰᠠᠳ ᠢ ᠭᠥᠯᠢᠶᠡᠨ ᠠᠪᠴᠤ ᠡᠮᠨᠡᠨ ᠵᠠᠰᠠᠵᠤ᠂ ᠬᠠᠯᠳᠠᠪᠤᠷᠢᠯᠠᠯ ᠤᠨ ᠡᠬᠢ ᠡᠭᠦᠰᠦᠯ ᠢ ︽ | ᠲᠦᠢᠯᠪᠤᠷᠢᠲᠠᠢ ᠢᠯᠡᠷᠡᠭᠦᠯᠵᠦ ᠲᠠᠶᠢᠯᠭᠦ ᠦᠭᠡᠢ︾ ᠠᠰᠠᠭᠤᠳᠠᠯ ᠢ ᠡᠷᠡᠰ ᠬᠤᠷᠢᠭᠯᠠᠬᠤ ᠭᠡᠷᠡᠭᠲᠡᠢ ; ᠬᠠᠮᠤᠭ ᠤᠨ | ᠴᠢᠩᠭ᠎ᠠ ᠠᠷᠭ᠎ᠠ ᠬᠡᠮᠵᠢᠶ᠎ᠡ ᠪᠠᠷ ᠡᠭᠦᠳᠡ ᠪᠠᠨ ᠴᠢᠩᠭ᠎ᠠ ᠰᠠᠬᠢᠵᠤ᠂ ᠬᠥᠮᠥᠨ ᠢ ᠰᠠᠶᠢᠲᠤᠷ ᠬᠠᠮᠢᠶᠠᠷᠴᠤ᠂ ᠨᠡᠶᠢᠭᠡᠮ ᠤᠨ | ᠲᠠᠯ᠎ᠠ ᠶᠢᠨ ︽ᠬᠠᠮᠢᠶᠠᠷᠴᠤ ᠳᠡᠶᠢᠯᠭᠦ ᠦᠭᠡᠢ︾ ᠠᠰᠠᠭᠤᠳᠠᠯ ᠢ ᠡᠷᠡᠰ ᠬᠤᠷᠢᠭᠯᠠᠬᠤ ᠭᠡᠷᠡᠭᠲᠡᠢ ; ᠬᠠᠮᠤᠭ ᠤᠨ ᠶᠡᠭᠡ | ᠡᠷᠴᠢᠮ ᠢᠶᠠᠷ ᠠᠶᠤᠯ ᠲᠦᠭᠰᠢᠭᠦᠷᠢ ᠶᠢᠨ ᠭᠡᠮ ᠰᠣᠭᠤᠭ ᠢ ᠢᠯᠡᠷᠡᠭᠦᠯᠵᠦ᠂ ᠰᠢᠢᠳᠪᠦᠷᠢᠯᠡᠵᠦ᠂ ᠠᠷᠢᠯᠭᠠᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠢ ︽ᠲᠦᠢᠯᠪᠤᠷᠢᠲᠠᠢ ᠪᠢᠰᠢ︾ ᠠᠰᠠᠭᠤᠳᠠᠯ ᠢ ᠡᠷᠡᠰ ᠬᠤᠷᠢᠭᠯᠠᠬᠤ | ᠭᠡᠷᠡᠭᠲᠡᠶ ; ᠬᠠᠮᠤᠭ ᠤᠨ ᠪᠦᠲᠦᠮᠵᠢᠲᠡᠶ ᠠᠷᠭ᠎ᠠ ᠪᠠᠷ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠰᠠᠶᠢᠲᠤᠷ | ᠬᠠᠮᠠᠭᠠᠯᠠᠵᠤ᠂ ᠬᠢᠵᠢᠭ ᠤᠨ ᠪᠠᠶᠢᠳᠠᠯ ᠦᠭᠡᠢ ᠬᠡᠰᠡᠭ ᠣᠷᠣᠨ ᠤ ︽ᠰᠠᠬᠢᠵᠤ ᠳᠡᠶᠢᠯᠭᠦ ᠦᠭᠡᠢ︾ ᠪᠠᠶᠢᠬᠤ | ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠭᠦᠭᠡᠬᠤᠲᠠ ᠶᠢᠨ ᠨᠠᠮ ᠤᠨ | ᠬᠤᠷᠢᠶᠠᠨ ᠤ ᠱᠦᠵᠢ ᠪᠦᠦ ᠭᠠᠩ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ | ᠭᠦᠭᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠳᠠᠯ ᠢ ᠮᠡᠳᠡᠭᠳᠡᠪᠡ᠃ | |