ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠰᠢᠢᠳᠪᠦᠷᠢᠯᠡᠬᠦ ᠠᠷᠭ᠎ᠠ ᠶᠢ ᠰᠤᠳᠤᠯᠪᠠ ᠸᠠᠩ ᠯᠢ ᠰᠢᠶᠠ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/10/31
    10 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ᠂ ᠪᠣᠳᠠᠲᠠᠢ ᠰᠢᠢᠳᠪᠦᠷᠢᠯᠡᠬᠦ ᠠᠷᠭ᠎ᠠ ᠶᠢ ᠨᠢᠭᠡᠳ ᠨᠢᠭᠡ ᠪᠠᠷ ᠰᠤᠳᠤᠯᠤᠨ ᠲᠣᠳᠣᠷᠬᠠᠶᠢᠯᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ ᠳᠡᠳ᠋ ᠳᠠᠷᠤᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠰᠦᠨ ᠶᠠᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃    ᠬᠤᠷᠠᠯ ᠠᠴᠠ᠂ ᠮᠠᠨ ᠤ ᠣᠷᠣᠨ ᠳᠤ ᠲᠤᠰ ᠡᠭᠡᠯᠵᠢ ᠶᠢᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠤᠯᠤᠰ ᠤᠨ ᠠᠵᠢᠯᠯᠠᠬᠤ ᠳᠤᠭᠤᠶᠢᠯᠠᠩ ᠤᠨ ᠬᠢᠨᠠᠮᠠᠭᠠᠢ ᠵᠢᠯᠣᠭᠤᠳᠤᠯᠭ᠎ᠠ ᠳᠣᠣᠷ᠎ᠠ ᠣᠷᠣᠨ ᠳᠠᠶᠠᠭᠠᠷ ᠢᠶᠠᠨ ᠬᠢᠵᠢᠭ ᠲᠠᠢ ᠲᠡᠮᠡᠴᠡᠬᠦ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠵᠣᠬᠢᠬᠤ ᠦᠷ᠎ᠡ ᠪᠦᠲᠦᠮᠵᠢ ᠣᠯᠣᠭᠰᠠᠨ ᠪᠠᠶᠢᠨ᠎ᠠ ᠂ ᠭᠡᠪᠡᠴᠦ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠢᠯᠠᠩᠭᠤᠶ᠎ᠠ ᠬᠥᠬᠡᠬᠤᠲᠠ ᠶᠢᠨ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠃ ᠡᠯ᠎ᠡ ᠱᠠᠲᠤᠨ ᠤ ᠬᠢᠨ ︽ᠪᠥᠭᠡᠰᠦᠨ ᠳᠤ ᠬᠢᠲᠤᠭ᠎ᠠ ᠭᠠᠷᠭᠠᠬᠤ︾᠎ ᠶᠢ ᠪᠠᠷᠢᠮᠲᠠᠯᠠᠨ᠂ ᠬᠥᠳᠡᠯᠭᠡᠵᠦ ᠪᠣᠯᠬᠤ ᠡᠬᠢ ᠪᠠᠶᠠᠯᠢᠭ ᠪᠦᠬᠦᠨ ᠢ ᠬᠥᠳᠡᠯᠭᠡᠵᠦ᠂ ᠪᠣᠳᠠᠲᠤ ᠦᠷ᠎ᠡ ᠪᠦᠲᠦᠮᠵᠢ ᠭᠠᠷᠬᠤᠶᠢᠴᠠ ᠠᠷᠭ᠎ᠠ ᠪᠦᠬᠦᠨ ᠢ ᠠᠪᠴᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠬᠢᠵᠢᠭ ᠤᠨ ᠪᠠᠶᠢᠳᠠᠯ ᠢ ᠠᠷᠢᠯᠭᠠᠬᠤ ᠠᠵᠢᠯ ᠢ ᠲᠦᠷᠭᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠨᠢ ᠬᠥᠬᠡᠬᠤᠲᠠ ᠶᠢᠨ ᠨᠡᠶᠢᠭᠡᠮ ᠳᠡᠭᠡᠷᠡᠬᠢ ᠪᠠ ᠶᠡᠭᠡ ᠳᠡᠭᠡᠳᠦ ᠰᠤᠷᠭᠠᠭᠤᠯᠢ ᠳᠤ ᠪᠠᠶᠢᠨ᠎ᠠ᠂ ᠵᠠᠯᠭᠠᠭᠠᠳ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠭᠤᠷᠪᠠᠨ ᠡᠭᠡᠯᠵᠢ ᠶᠢᠨ ᠰᠢᠭᠰᠢᠨ ᠪᠠᠶᠢᠴᠠᠭᠠᠯᠲᠠ ᠥᠷᠨᠢᠭᠦᠯᠵᠦ᠂ ᠠᠷᠭ᠎ᠠ ᠴᠢᠨᠠᠷ ᠲᠠᠢ ᠡᠪᠡᠳᠴᠢᠨ ᠤ ᠵᠢᠱᠢᠶ᠎ᠡ ᠶᠢ ᠲᠦᠢᠯᠪᠤᠷᠢᠲᠠᠢ ᠢᠯᠡᠷᠡᠭᠦᠯᠵᠦ ᠂ ᠲᠤᠰ ᠰᠠᠷ᠎ᠠ ᠶᠢᠨ ᠰᠡᠭᠦᠯᠴᠢ ᠪᠠᠷ ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠪᠦᠷᠢᠮᠦᠰᠦᠨ ᠦᠭᠡᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠬᠢᠵᠢᠭ ᠢ ᠰᠡᠷᠭᠡᠶᠢᠯᠡᠬᠦ ᠳᠤ ︽ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠬᠡᠷᠡᠭᠲᠡᠢ᠂ ᠬᠢᠵᠢᠭ ᠤᠨ ᠪᠠᠶᠢᠳᠠᠯ ᠭᠠᠷᠤᠭᠰᠠᠨ ᠦᠭᠡᠢ ᠶᠢ ᠡᠷᠡᠰ ᠪᠢᠲᠡᠭᠦᠮᠵᠢᠯᠡᠨ ᠬᠢᠵᠠᠭᠠᠷᠯᠠᠬᠤ ᠬᠡᠷᠡᠭᠲᠡᠢ︔ ᠨᠢᠭᠡᠨᠲᠡ ᠬᠢᠵᠢᠭ ᠤᠨ ᠪᠠᠶᠢᠳᠠᠯ ᠭᠠᠷᠤᠭᠰᠠᠨ ᠢ ᠰᠢᠨᠵᠢᠯᠡᠬᠦ ᠤᠬᠠᠭᠠᠨᠴᠢ ᠪᠠᠷ ᠲᠤᠰᠠᠭᠠᠷᠯᠠᠵᠤ᠂ ᠴᠠᠭ ᠲᠤᠬᠠᠢ  ᠳᠤᠨᠢ ᠠᠪᠤᠷᠠᠨ ᠡᠮᠨᠡᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠯᠪᠢᠴᠠᠨ ᠬᠠᠯᠳᠠᠪᠤᠷᠢᠯᠠᠬᠤ ᠪᠠ ︽ᠪᠢᠲᠡᠭᠦᠮᠵᠢᠯᠡᠭᠰᠡᠨ ᠭᠤᠭᠴᠤᠭ᠎ᠠ ᠶᠢ ᠡᠪᠳᠡᠬᠦ︾ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠲᠠᠯᠠᠪᠤᠷ ᠤᠨ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ᠃ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠂ ᠠᠵᠢᠯ ᠤᠨ ᠰᠠᠨᠠᠯ ᠲᠣᠳᠣᠷᠬᠠᠢ ᠪᠣᠯᠤᠭᠰᠠᠨ ᠤ ᠳᠠᠷᠠᠭ᠎ᠠ ᠳᠠᠷᠦ᠋ᠢᠬᠠᠨ ᠬᠡᠷᠡᠭᠵᠢᠭᠦᠯᠬᠦ ᠬᠡᠷᠡᠭᠲᠡᠢ᠂ ᠲᠠᠲᠠᠭᠠᠯᠵᠠᠵᠤ ᠪᠣᠯᠬᠤ ᠦᠭᠡᠢ᠃ ᠰᠤᠷᠤᠭᠴᠢᠳ ᠤᠨ ᠰᠡᠳᠬᠢᠴᠡ ᠶᠢᠨ ᠵᠢᠯᠣᠭᠤᠳᠤᠯᠭ᠎ᠠ ᠪᠠ ᠬᠥᠮᠦᠯᠢᠭ ᠬᠠᠯᠠᠮᠵᠢᠯᠠᠯ ᠢ ᠴᠢᠩᠭᠠᠳᠬᠠᠬᠤ ᠬᠡᠷᠡᠭᠲᠡᠢ᠃ ᠲᠤᠰᠠᠭᠠᠷᠯᠠᠭᠳᠠᠭᠰᠠᠨ ᠣᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠰᠢᠰᠲ᠋ᠧᠮ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠨ᠂ ᠬᠤᠯᠪᠣᠭᠳᠠᠯ ᠪᠦᠬᠦᠢ ᠤᠳᠤᠷᠢᠳᠬᠤ ᠨᠥᠬᠦᠳ ᠢ ᠶᠡᠭᠡ ᠳᠡᠭᠡᠳᠦ ᠰᠤᠷᠭᠠᠭᠤᠯᠢ ᠶᠢᠨ ᠡᠮᠦᠨ᠎ᠡ ᠹᠷᠣᠨᠲ ᠲᠤ ᠣᠴᠢᠭᠤᠯᠵᠤ᠂ ᠰᠠᠬᠢᠨ ᠰᠠᠭᠤᠯᠭᠠᠵᠤ᠂ ᠵᠢᠯᠣᠭᠤᠳᠤᠭᠤᠯᠬᠤ ᠬᠡᠷᠡᠭᠲᠡᠢ᠃ ᠵᠠᠷᠢᠮ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠢ ᠴᠠᠭ ᠲᠤᠬᠠᠢ ᠳᠤᠨᠢ ᠲᠣᠬᠢᠷᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤᠮᠳᠠ ᠺᠠᠳ᠋ᠷ ᠢ ᠢᠯᠭᠠᠨ ᠲᠠᠨᠢᠵᠤ ᠰᠢᠯᠭᠠᠨ ᠪᠠᠶᠢᠴᠠᠭᠠᠬᠤ ᠶᠢ ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠺᠠᠳ᠋ᠷ ᠢ ᠳᠡᠪᠰᠢᠭᠦᠯᠦᠨ ᠴᠢᠬᠤᠯᠠᠴᠢᠯᠠᠨ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠢᠳᠬᠦᠯ ᠴᠢᠷᠮᠠᠶᠢᠯᠭ᠎ᠠ ᠭᠠᠷᠭᠠᠬᠤ ᠦᠭᠡᠢ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠪᠦᠯᠬᠦᠮᠳᠡᠨ ᠲᠡᠮᠡᠴᠡᠵᠦ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠡᠷᠡᠰ ᠳᠠᠭᠠᠵᠤ᠂ ᠬᠡᠨ ᠤ ᠬᠠᠷᠢᠭᠤᠴᠠᠯᠭ᠎ᠠ ᠪᠣᠯ ᠬᠡᠨ ᠡᠭᠦᠷᠭᠡᠯᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠴᠦᠰ ᠤᠨ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1