ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠦᠭᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/10/31
    10 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠸᠠᠩ ᠯᠢ ᠰᠢᠶᠠ᠂ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠭᠰᠠᠨ ᠲᠡᠦᠬᠡᠨ ᠠᠵᠠ ᠲᠣᠭᠢᠶᠠᠯ ᠲᠦᠢᠯ ᠤᠨ ᠵᠠᠩᠭᠢᠯᠠᠭ᠎ᠠ ᠶᠢᠨ ᠪᠠᠶᠢᠵᠤ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠲᠦᠢᠯ ᠤᠨ ᠴᠢᠬᠤᠯᠠ᠂ ᠣᠯᠣᠭᠰᠠᠨ ᠤᠯᠤᠰ ᠲᠦᠷᠦ ᠶᠢᠨ ᠦᠷ᠎ᠡ ᠪᠦᠲᠦᠭᠡᠯ ᠲᠦᠢᠯ ᠤᠨ ᠴᠢᠬᠤᠯᠠ ᠶᠤᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠮ ᠢᠶᠠᠨ ᠬᠦᠴᠦᠷᠬᠡᠭᠵᠢᠭᠦᠯᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠦᠢᠯᠡᠰ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ ᠤᠨ ᠥᠨᠳᠥᠷᠴᠡ ᠠᠴᠠ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠪᠠᠲᠤ ᠴᠢᠩᠭ᠎ᠠ ᠲᠡᠦᠬᠡᠨ ᠡᠭᠦᠷᠭᠡᠲᠦ ᠰᠡᠳᠬᠢᠯᠭᠡ ᠪᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾᠎ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃    ᠸᠠᠩ ᠯᠢ ᠰᠢᠶᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠦᠵᠡᠯ ᠰᠠᠨᠠᠭ᠎ᠠ ᠡᠴᠢᠨ᠎ᠡ ᠭᠦᠨ᠂ ᠥᠷᠭᠡᠨ ᠭᠦᠨᠵᠡᠭᠡᠢ ᠶᠤᠮ᠂ ᠶᠡᠭᠡ ᠬᠤᠷᠠᠯ ᠤᠨ ᠭᠤᠣᠯ ᠰᠡᠳᠦᠪ ᠤᠨ ᠪᠠᠶᠠᠯᠢᠭ ᠠᠭᠤᠯᠤᠭᠳᠠᠬᠤᠨ᠂ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠤᠨᠤᠯ ᠤᠨ ᠦᠷ᠎ᠡ ᠪᠦᠲᠦᠭᠡᠯ ᠤᠨ ᠭᠦᠨᠵᠡᠭᠡᠶᠢᠷᠡᠯ ᠳᠡᠭᠡᠭᠰᠢᠯᠡᠯᠲᠡ᠂ ᠡᠭᠦᠷᠭᠡ ᠬᠠᠷᠢᠭᠤᠴᠠᠯᠭ᠎ᠠ ᠶᠢᠨ ᠰᠢᠰᠲ᠋ᠧᠮ ᠲᠠᠢ ᠲᠣᠳᠣᠷᠬᠠᠶᠢᠯᠠᠯᠲᠠ᠂ ᠬᠠᠷᠠᠯᠲᠠ ᠡᠭᠦᠷᠭᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠣᠨ ᠨᠠᠮ ᠢ ᠬᠠᠮᠢᠶᠠᠷᠴᠤ ᠨᠠᠮ ᠢ ᠵᠠᠰᠠᠬᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ ᠣᠶᠢᠯᠠᠭᠠᠨ ᠡᠵᠡᠮᠰᠢᠵᠦ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠠᠳᠡᠵᠤ ᠪᠣᠳᠠᠲᠠᠢ ᠬᠢᠬᠦ ᠳᠡᠭᠡᠷ᠎ᠡ ᠲᠠᠰᠤᠷᠠᠯᠳᠠ ᠦᠭᠡᠢ ᠰᠢᠨ᠎ᠡ ᠲᠠᠪᠰᠢᠯᠳᠠ ᠲᠠᠢ ᠪᠤᠯᠬᠤ ᠬᠡᠷᠡᠭᠲᠡᠢ ᠭᠡᠵᠦ ᠬᠡᠯᠡᠪᠡ᠃    ᠸᠠᠩ ᠯᠢ ᠰᠢᠶᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠰᠢᠰᠲ᠋ᠧᠮ ᠲᠠᠢ ᠣᠨᠣᠴᠠᠲᠠᠢ ᠬᠠᠷᠭᠤᠭᠤᠯᠤᠨ ᠪᠠᠷᠢᠮᠵᠢᠶᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠵᠤ᠂ ᠨᠠᠷᠢᠯᠢᠭᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠡᠷᠭᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠵᠢᠯ ᠤᠨ ᠰᠡᠭᠦᠯᠴᠢ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠷᠡᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠬᠢᠨᠠᠮᠠᠭᠠᠢ ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠳᠤ ᠦᠷ᠎ᠡ ᠪᠦᠲᠦᠭᠡᠯ ᠭᠠᠷᠭᠠᠵᠤ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1