10 ᠰᠠᠷ᠎ᠠ ᠶᠢᠨ 26 ᠤ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠰᠢᠨ᠎ᠡ ᠲᠢᠲᠢᠮᠯᠡᠭ ᠠᠭᠤᠰᠭᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠵᠣ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠦᠨ ᠬᠦ ᠨᠠᠷᠢᠨ | ᠪᠣᠳᠤᠯᠢᠶᠠᠨᠲᠠᠢ ᠪᠦᠭᠡᠳ ᠬᠦᠨᠳᠦ ᠬᠡᠴᠡᠭᠦᠦ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠤᠨ ᠬᠢᠨ ᠤᠯᠤᠰ | ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠠᠶᠢᠨ | ᠡᠬᠢᠯᠡᠯᠲᠡ ᠲᠠᠢ ᠪᠣᠯᠭᠠᠬᠤ ᠦᠨᠳᠦᠷᠴᠡ ᠳᠤ ᠵᠣᠭᠰᠣᠵᠣ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠦᠨᠳᠦᠷᠴᠡ ᠳᠤ ᠵᠣᠭᠰᠤᠵᠤ᠂ ︽ᠡᠪᠡᠳᠴᠢᠨ ᠤ ᠵᠢᠱᠢᠶ᠎ᠡ ᠶᠢ | ᠦᠭᠡᠢ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠶᠡᠭᠡ ᠲᠠᠯ᠎ᠠ ᠶᠢ ᠪᠠᠲᠤᠯᠠᠬᠤ᠂ | ᠶᠡᠭᠡ ᠲᠠᠯ᠎ᠠ ᠶᠢ ᠬᠠᠷᠠᠭᠠᠯᠵᠠᠬᠤ᠂ ᠶᠡᠭᠡ ᠲᠠᠯ᠎ᠠ ᠶᠢ ᠪᠣᠳᠣᠯᠬᠢᠯᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠲᠦᠯᠲᠡᠢ | ᠲᠦᠯᠦᠪᠵᠢᠭᠦᠯᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ | ᠰᠡᠳᠬᠢᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠬᠠᠲᠠᠭᠤ ᠳᠠᠶᠢᠯᠠᠯᠳᠤᠭᠠᠨ ᠤ | ᠢᠯᠠᠯᠲᠠ ᠶᠢ ᠣᠯᠬᠤ ᠬᠡᠷᠡᠭᠲᠡᠢ᠃ ᠨᠠᠷᠢᠯᠢᠭ ᠣᠨᠣᠴᠠᠲᠠᠢ ᠪᠠᠷ ᠲᠦᠷᠦᠯ ᠬᠤᠪᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ | ᠬᠢᠵᠢᠭ ᠦᠭᠡᠢ ᠰᠤᠷᠭᠠᠭᠤᠯᠢ ᠶᠢᠨ ᠰᠤᠷᠤᠭᠴᠢᠳ ᠤᠨ ᠨᠤᠲᠤᠭ ᠲᠠᠭᠠᠨ ᠪᠤᠴᠠᠬᠤ ᠶᠢ ᠡᠮᠬᠢ ᠵᠢᠷᠤᠮ ᠲᠠᠢ ᠪᠠᠷ ᠵᠣᠬᠢᠶᠠᠨ | ᠪᠠᠶᠢᠭᠤᠯᠵᠤ᠂ ᠬᠢᠵᠢᠭ ᠲᠤ ᠬᠤᠯᠪᠤᠭᠳᠠᠭᠰᠠᠨ ᠰᠤᠷᠭᠠᠭᠤᠯᠢ ᠶᠢᠨ ᠬᠠᠮᠢᠶ᠎ᠠ ᠪᠦᠬᠦᠢ ᠬᠦᠮᠦᠰ ᠢ ᠰᠢᠯᠵᠢᠭᠦᠯᠦᠨ | ᠲᠡᠭᠡᠭᠡᠪᠦᠷᠢᠯᠡᠵᠦ ᠲᠤᠰᠠᠭᠠᠷᠯᠠᠬᠤ ᠶᠢ ᠬᠠᠮᠵᠢᠯᠴᠠᠨ ᠰᠠᠶᠢᠲᠤᠷ ᠠᠳᠬᠤᠵᠤ᠂ ᠬᠠᠷᠢᠶ᠎ᠠ ᠭᠠᠵᠠᠷ ᠤᠨ ᠬᠠᠮᠢᠶᠠᠷᠴᠦ ᠠᠪᠤᠷᠠᠨ | ᠡᠮᠨᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠭᠤᠭᠴᠤᠭᠠᠨ ᠳᠠᠬᠢ ᠠᠵᠢᠯ ᠢ ᠴᠢᠩᠭ᠎ᠠ | ᠠᠪᠴᠠᠯᠳᠤᠭᠤᠯᠵᠤ᠂ ᠦᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠲᠦᠯᠲᠡᠢ | ᠲᠦᠯᠦᠪᠵᠢᠭᠦᠯᠵᠦ᠂ ᠡᠯ᠎ᠡ ᠵᠦᠢᠯ ᠤᠨ ᠠᠵᠢᠯ ᠢ ᠴᠢᠩᠭ᠎ᠠ ᠨᠠᠷᠢᠨ ᠨᠢᠭᠲᠠ᠂ ᠠᠮᠦᠷ ᠲᠦᠪᠰᠢᠨ ᠡᠮᠬᠢ | ᠵᠢᠷᠤᠮ ᠲᠠᠢ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠬᠤᠸᠠᠩ ᡁᠢ ᠴᠢᠶᠠᠩ᠂ ᠵᠠᠩ ᠱᠣᠣ | ᠴᠦᠨ᠂ ᠪᠣᠣ ᠰᠢᠶᠠᠨ ᠬᠤᠸᠠ᠂ ᠵᠧᠩ ᠭᠤᠸᠠᠩ ᠵᠣᠣ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠵᠠᠢ᠃ ᠪᠣᠣ ᠭᠠᠩ᠂ ᠳ᠋ᠢᠩ ᠰᠢᠦ ᠹᠧᠩ ᠠᠶᠢᠮᠠᠭ ᠬᠤᠲᠠ ᠶᠢᠨ ᠬᠤᠪᠢᠶᠠᠷᠢ | ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | | |