ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠭᠢᠨ ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠥᠭᠤᠳᠬᠤ ᠭᠠᠵᠠᠷ ᠤᠨ ᠵᠠᠷᠯᠠᠯ | ﹇ 2022﹈ 71 ᠳ᠋ᠤᠭᠡᠷ ᠲᠣᠭᠠᠲᠤ | | 11 ᠰᠠᠷ᠎ᠠ ᠶᠢᠨ 8᠂ 9 ᠤ ᠡᠳᠦᠷ᠂ ᠭᠤᠣᠯ ᠬᠤᠲᠠ ᠶᠢᠨ ᠲᠣᠭᠤᠷᠢᠭ ᠤᠨ ᠣᠷᠤᠨ ᠬᠡᠪᠴᠢᠶᠡᠨ ᠤ ᠪᠥᠭᠡᠮ | ᠬᠥᠴᠢᠯ ᠤᠨ ᠪᠠᠶᠢᠴᠠᠭᠠᠯᠲᠠ ᠠᠴᠠ ᠢᠯᠡᠷᠡᠭᠦᠯᠥᠭᠰᠡᠨ ᠰᠢᠨ᠎ᠡ ᠲᠢᠳᠢᠮᠯᠢᠭ ᠠᠭᠤᠰᠭᠢᠨ ᠥᠷᠪᠢᠰᠥᠯ ᠤᠨ ᠠᠷᠭ᠎ᠠ | ᠴᠢᠨᠠᠷᠲᠠᠢ ᠬᠠᠯᠳᠠᠪᠤᠷᠢᠯᠠᠭᠳᠠᠭᠴᠢᠳ ᠤᠨ ᠵᠠᠷᠢᠮ ᠨᠢ ᠲᠥᠪᠯᠡᠷᠡᠭᠦᠯᠥᠨ ᠲᠤᠰᠠᠭᠠᠷᠯᠠᠬᠤ ᠠᠴᠠ ᠡᠮᠦᠨ᠎ᠡ ᠨᠡᠯᠢᠶᠡᠳ ᠣᠯᠡᠨ | ᠭᠠᠵᠠᠷ ᠢᠶᠠᠷ ᠶᠠᠪᠤᠵᠤ᠂ ᠶᠠᠪᠤᠵᠤ ᠰᠠᠭᠤᠭᠰᠠᠨ ᠵᠠᠮ ᠮᠥᠷ ᠨᠢ ᠪᠣᠳᠤᠯᠢᠶᠠᠨᠲᠠᠢ᠂ ᠸᠢᠷᠤᠰ ᠲᠠᠷᠬᠠᠵᠤ ᠮᠡᠳᠡᠬᠦ ᠲᠠᠯᠠᠪᠤᠷ | ᠭᠠᠵᠠᠷ ᠨᠢ ᠨᠡᠯᠢᠶᠡᠳ ᠣᠯᠡᠨ ᠪᠠᠶᠢᠵᠤ᠂ ᠣᠯᠡᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠰᠤᠷᠭᠠᠭᠤᠯᠢ᠂ | ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠪᠠᠷᠢᠯᠭ᠎ᠠ ᠶᠢᠨ ᠭᠠᠵᠠᠷ᠂ ᠵᠣᠴᠢᠳ ᠤᠨ ᠪᠠᠭᠤᠳᠠᠯ ᠵᠡᠷᠭᠡ | ᠬᠥᠮᠦᠨ ᠬᠠᠷ᠎ᠠ ᠣᠯᠡᠨ ᠴᠤᠭᠯᠠᠷᠠᠳᠠᠭ ᠲᠠᠯᠠᠪᠤᠷ ᠭᠠᠵᠠᠷ ᠲᠠᠢ ᠬᠤᠯᠪᠤᠭᠳᠠᠭᠰᠠᠨ ᠪᠣᠯᠬᠤᠷ᠂ ᠳᠠᠷᠠᠭᠠᠴᠢ ᠶᠢᠨ | ᠠᠯᠬᠤᠮ ᠳᠤ ᠪᠠᠰᠠ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠢᠯᠡᠷᠡᠬᠦ ᠪᠣᠯᠤᠮᠵᠢ ᠣᠷᠤᠰᠢᠵᠤ ᠪᠠᠶᠢᠨ᠎ᠠ᠃ ᠲᠤᠰ | ᠡᠭᠡᠯᠵᠢ ᠶᠢᠨ ᠰᠢᠨ᠎ᠡ ᠲᠢᠳᠢᠮᠯᠢᠭ ᠠᠭᠤᠰᠭᠢᠨ ᠥᠷᠪᠢᠰᠥᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠴᠢᠨᠠᠷ᠂ | ᠨᠢᠭᠤᠭᠳᠠᠮᠠᠯ ᠴᠢᠨᠠᠷ ᠨᠡᠯᠢᠶᠡᠳ ᠴᠢᠩᠭ᠎ᠠ ᠪᠠᠶᠢᠬᠤ ᠶᠢ ᠥᠨᠳᠥᠰᠥᠯᠡᠨ᠂ ᠲᠥᠭᠰᠢᠭᠦᠷᠢ ᠶᠢᠨ ᠳᠠᠯᠳᠠ ᠰᠤᠭᠤᠭ ᠢ | ᠲᠥᠷᠭᠡᠨ ᠮᠥᠷᠲᠡᠭᠡᠨ ᠣᠨᠤᠪᠴᠢᠲᠠᠢ ᠪᠠᠷ ᠡᠩᠨᠡᠭᠦᠯᠥᠨ ᠪᠠᠶᠢᠴᠠᠭᠠᠵᠤ᠂ ᠠᠷᠠᠳ ᠣᠯᠡᠨ ᠤ ᠪᠡᠶ᠎ᠡ ᠮᠠᠬᠠᠪᠤᠳ ᠤᠨ | ᠡᠷᠡᠭᠦᠯ ᠮᠡᠨᠳᠦ ᠶᠢ ᠥᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠤᠭᠳᠠᠯ ᠪᠥᠬᠦᠢ ᠵᠥᠢᠯᠡᠰ ᠢ ᠳᠣᠣᠷᠠᠬᠢ | ᠮᠡᠲᠥ ᠵᠠᠷᠯᠠᠶ᠎ᠠ᠄ | ᠨᠢᠭᠡ᠂《ᠤᠯᠠᠭᠠᠨᠬᠠᠳᠠ ᠶᠢᠨ ᠨᠡᠶᠢᠲᠡᠯᠡᠯ 》ᠸᠢᠴᠠᠲ ᠤᠨ ᠣᠯᠡᠨ ᠨᠡᠶᠢᠲᠡ ᠶᠢᠨ ᠲᠠᠪᠴᠠᠩ ᠵᠡᠷᠭᠡ | ᠵᠠᠭᠤᠴᠢᠯᠠᠭᠤᠷ ᠤᠨ ᠨᠡᠶᠢᠲᠡᠯᠡᠭᠰᠡᠨ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠶᠢᠨ ᠶᠠᠪᠤᠵᠤ ᠰᠠᠭᠤᠭᠰᠠᠨ ᠵᠠᠮ ᠮᠥᠷ ᠢ | ᠨᠢᠭᠲᠠ ᠠᠩᠬᠠᠷᠴᠤ᠂ ᠬᠡᠷᠪᠡ ᠳᠠᠪᠬᠤᠴᠠᠨ ᠰᠣᠯᠪᠢᠴᠠᠭᠰᠠᠨ ᠪᠠᠶᠢᠪᠠᠯ ᠲᠡᠷᠡ ᠳᠠᠷᠤᠢ ᠳᠤ ᠨᠢ ᠨᠡᠶᠢᠭᠡᠮ ᠲᠣᠭᠤᠷᠢᠭ ︵ | ᠭᠠᠴᠠᠭ᠎ᠠ ᠲᠤᠰᠬᠤᠨ︶ ᠲᠤ ᠪᠠᠨ ᠮᠡᠳᠡᠭᠦᠯᠥᠨ ᠳᠠᠩᠰᠠᠯᠠᠭᠤᠯᠵᠤ᠂ ᠵᠤᠬᠢᠴᠠᠭᠰᠠᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠶᠠᠪᠤᠵᠤ ᠰᠠᠭᠤᠭᠰᠠᠨ ᠵᠠᠮ ᠮᠥᠷ ᠪᠣᠶᠤ ᠣᠶᠢᠷᠠᠲᠤᠭᠰᠠᠨ | ᠥᠩᠭᠡᠷᠡᠯᠲᠡ ᠪᠠᠨ ᠨᠢᠭᠤᠨ ᠳᠠᠯᠳᠠᠯᠠᠭᠰᠠᠨ ᠠᠴᠠ ᠪᠣᠯᠵᠤ ᠬᠢᠵᠢᠭ ᠲᠠᠷᠬᠠᠨ ᠳᠡᠯᠭᠡᠷᠡᠬᠦ ᠳᠤ ᠬᠥᠷᠭᠡᠭᠰᠡᠨ ᠪᠠᠶᠢᠪᠠᠯ᠂ | ᠬᠠᠮᠢᠶ᠎ᠠ ᠪᠥᠬᠦᠢ ᠬᠥᠮᠥᠰ ᠠᠴᠠ ᠬᠠᠤᠯᠢ ᠶᠣᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ | ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠴᠢᠬᠤᠯᠠ ᠱᠠᠭᠠᠷᠳᠠᠯᠭ᠎ᠠ ᠥᠭᠡᠢ ᠪᠣᠯ ᠭᠡᠷ ᠠᠴᠠ ᠪᠠᠨ ᠭᠠᠷᠬᠤ | ᠥᠭᠡᠢ᠂ ᠠᠰᠠᠷ ᠠᠴᠠ ᠪᠠᠨ ᠭᠠᠷᠬᠤ ᠥᠭᠡᠢ᠂ ᠪᠦᠭᠡᠮ ᠬᠥᠴᠢᠯ ᠤᠨ ᠪᠠᠶᠢᠴᠠᠭᠠᠯᠲᠠ ᠬᠢᠬᠦ ᠥᠶ᠎ᠡ ᠳᠤ ᠨᠡᠶᠢᠲᠡ ᠶᠢᠨ | ᠬᠠᠷᠢᠯᠴᠠᠭᠠᠨ ᠤ ᠠᠮᠤᠷ ᠲᠥᠪᠰᠢᠨ ᠤ ᠵᠠᠢ ᠶᠢ ᠪᠠᠲᠤᠯᠠᠵᠤ᠂ ᠡᠮᠬᠢ ᠵᠢᠷᠤᠮ ᠲᠠᠢ ᠮᠥᠷᠯᠡᠨ᠂ ᠵᠣᠭᠤᠲᠠᠨ ᠶᠠᠷᠢᠯᠴᠠᠬᠤ | ᠥᠭᠡᠢ ᠪᠠᠶᠢᠵᠤ᠂ ᠥᠯᠢᠭᠡᠷ ᠠᠪᠤᠭᠤᠯᠵᠤ ᠳᠠᠭᠤᠰᠤᠭᠰᠠᠨ ᠤ ᠳᠠᠷᠠᠭ᠎ᠠ ᠳᠠᠷᠤᠶᠢᠬᠠᠨ ᠭᠡᠷ ᠲᠤ ᠪᠠᠨ ᠪᠣᠴᠠᠨ ᠂ | ᠪᠥᠭᠡᠮᠨᠡᠷᠡᠨ ᠴᠤᠭᠯᠠᠷᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠭᠤᠷᠪᠠ᠂ ᠬᠢᠯᠢ ᠶᠢᠨ ᠭᠠᠳᠠᠨ᠎ᠠ ᠵᠢᠴᠢ ᠤᠯᠤᠰ ᠤᠨ ᠳᠣᠲᠤᠭᠠᠳᠤ ᠶᠢᠨ ᠳᠤᠮᠳᠠ ᠥᠨᠳᠥᠷ ᠲᠥᠭᠰᠢᠭᠦᠷᠢᠲᠡᠢ | ᠭᠠᠵᠠᠷ ᠣᠷᠤᠨ ᠠᠴᠠ ᠭᠤᠪᠢᠭᠤᠯᠭ᠎ᠠ ᠪᠠᠷ ᠪᠠᠷᠠᠭ᠎ᠠ ᠬᠤᠳᠠᠯᠳᠤᠨ ᠠᠪᠬᠤ ᠳᠤ ᠪᠠᠨ ᠬᠢᠴᠢᠶᠡᠮᠵᠢᠲᠠᠢ ᠪᠠᠶᠢᠵᠤ ᠂ | ᠬᠠᠯᠳᠠᠪᠤᠷᠢᠯᠠᠭᠳᠠᠬᠤ ᠲᠥᠭᠰᠢᠭᠦᠷᠢ ᠶᠢ ᠬᠠᠮᠤᠭ ᠤᠨ ᠪᠠᠭ᠎ᠠ ᠬᠡᠪᠴᠢᠶᠡᠨ ᠳᠤ ᠬᠥᠷᠲᠡᠯ᠎ᠡ ᠪᠠᠭᠤᠷᠠᠭᠤᠯᠬᠤ ᠬᠡᠷᠡᠭᠲᠡᠢ᠃ | ᠲᠥᠷᠭᠡᠨ ᠬᠥᠷᠭᠡᠯᠲᠡ ᠶᠢᠨ ᠪᠣᠭᠤᠳᠠᠯ ᠲᠣᠰᠬᠤ ᠳᠤ ᠪᠠᠨ ᠨᠢᠭᠡ ᠯᠡ ᠤᠳᠠᠭ᠎ᠠ ᠬᠡᠷᠡᠭᠯᠡᠬᠦ ᠪᠡᠭᠡᠯᠡᠢ ᠪᠠ ᠠᠮᠠᠪᠴᠢ | ᠵᠡᠭᠦᠵᠥ᠂ ᠭᠠᠷ ᠢᠶᠠᠷ ᠢᠶᠠᠨ ᠰᠢᠭᠤᠳ ᠬᠥᠷᠥᠯᠴᠡᠬᠦ ᠠᠴᠠ ᠵᠠᠶᠢᠯᠠᠰᠬᠢᠬᠦ ᠬᠡᠷᠡᠭᠲᠡᠢ᠃ ᠡᠭᠦᠨ ᠤ ᠬᠠᠮᠲᠤ ᠭᠠᠳᠠᠷ | ᠪᠣᠭᠤᠳᠠᠯ ᠢ ᠠᠷᠢᠭᠤᠳᠬᠠᠵᠤ᠂ ᠰᠢᠢᠳᠪᠥᠷᠢᠯᠡᠵᠤ ᠪᠠᠷᠠᠭᠰᠠᠨ ᠤ ᠳᠠᠷᠠᠭ᠎ᠠ ᠳᠠᠷᠤᠶᠢᠬᠠᠨ ᠭᠠᠷ ᠢᠶᠠᠨ ᠤᠭᠢᠶᠠᠵᠤ᠂ | ᠭᠠᠷ ᠢᠶᠠᠨ ᠨᠢᠳᠦ᠂ ᠠᠮᠠ ᠬᠠᠮᠠᠷ ᠲᠠᠭᠠᠨ ᠬᠥᠷᠭᠡᠬᠦ ᠠᠴᠠ ᠵᠠᠶᠢᠯᠠᠰᠬᠢᠬᠦ ᠬᠡᠷᠡᠭᠲᠡᠢ᠃ | ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠤᠭᠠᠳᠤ ᠳᠤ ᠬᠢᠵᠢᠭ ᠤᠨ ᠪᠠᠶᠢᠳᠠᠯ ᠥᠷᠭᠦᠯᠵᠢᠯᠡᠨ ᠣᠯᠡᠨ | ᠴᠡᠭ᠂ ᠥᠷᠭᠡᠨ ᠬᠡᠪᠴᠢᠶ᠎ᠡ᠂ ᠳᠠᠪᠲᠠᠮᠵᠢ ᠣᠯᠡᠨ ᠂ ᠬᠡᠰᠡᠭ ᠭᠠᠵᠠᠷ ᠲᠤ ᠥᠷᠪᠢᠰᠥᠨ ᠳᠡᠯᠭᠡᠷᠡᠬᠦ ᠪᠠᠶᠢᠳᠠᠯ ᠢᠯᠡᠷᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠴᠢᠩᠭ᠎ᠠ ᠬᠡᠴᠡᠭᠦᠥ ᠨᠠᠷᠢᠨ ᠪᠣᠳᠤᠯᠢᠶᠠᠨᠲᠠᠢ ᠪᠠᠶᠢᠵᠤ | ᠂ ᠡᠭᠦᠷᠭᠡ ᠬᠥᠨᠳᠥ ᠪᠡᠷᠬᠡ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠢᠮ ᠠᠷᠭ᠎ᠠ ᠬᠡᠮᠵᠢᠶ᠎ᠡ ᠶᠢ | ᠬᠡᠷᠡᠭᠵᠢᠭᠦᠯᠥᠭᠰᠡᠨ ᠠᠴᠠ ᠬᠤᠲᠠ ᠶᠢᠨ ᠠᠷᠠᠳ ᠲᠤ ᠮᠠᠰᠢ ᠣᠯᠡᠨ ᠳᠥᠭᠦᠮ ᠥᠭᠡᠢ ᠪᠠᠶᠢᠳᠠᠯ ᠢ ᠠᠪᠴᠢᠷᠠᠭᠰᠠᠨ | ᠪᠣᠯᠪᠠᠴᠤ ᠣᠯᠡᠨ ᠢᠶᠠᠷ ᠢᠶᠠᠨ ᠣᠶᠢᠯᠠᠭᠠᠨ ᠳᠡᠮᠵᠢᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ ᠥᠷᠭᠡᠨ ᠣᠯᠡᠨ | ᠬᠤᠲᠠ ᠶᠢᠨ ᠠᠷᠠᠳ ᠥᠷᠭᠦᠯᠵᠢᠯᠡᠨ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠭᠠᠷ ᠢᠶᠠᠨ ᠬᠤᠯᠪᠤᠨ ᠮᠥᠷᠥ ᠵᠡᠷᠭᠡᠴᠡᠨ | ᠣᠯᠡᠨ ᠢᠶᠠᠷ ᠢᠶᠠᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠷᠭᠦᠪᠡᠯ ᠵᠣᠬᠢᠬᠤ ᠬᠤᠪᠢ | ᠨᠡᠮᠡᠷᠢ ᠪᠠᠨ ᠡᠷᠭᠦᠬᠦ ᠶᠢ ᠬᠥᠰᠡᠵᠦ ᠪᠠᠶᠢᠨ᠎ᠠ᠃ | | 2022 ᠣᠨ ᠤ 11 ᠰᠠᠷ᠎ᠠ ᠶᠢᠨ 10 ᠤ ᠡᠳᠦᠷ | |