ᠯᠢ ᠺᠧ ᠴᠢᠶᠠᠩ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠬᠦ ᠳᠤ ᠪᠠᠨ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠪᠠᠨ ᠨᠡᠩ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/11/11
        1_副本.jpg 
        ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9᠎ ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠣᠮ ᠪᠧᠩ ᠤᠨ ᠨᠠᠢᠷᠠᠮᠳᠠᠯ ᠲᠣᠮᠣ ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ ᠡᠾᠦ᠋ᠨᠰᠧᠨ ᠨᠠᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠤᠭᠲᠤᠯᠭ᠎ᠠ ᠶᠢᠨ ᠶᠣᠰᠣᠯᠠᠯ ᠶᠠᠪᠤᠭᠤᠯᠪᠠ ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ     ᠰᠢᠨᠬᠤᠸᠠ ᠬᠤᠷᠢᠶᠠᠨ ᠤ ᠫᠨᠤᠮ ᠪᠧᠩ ᠤᠨ 11 ᠳ᠋ᠦ᠋ᠭᠡᠷ ᠰᠠᠷ᠎ᠠ ᠶᠢᠨ 9᠎ ᠤ ᠡᠳᠦᠷ ᠤᠨ ᠴᠠᠬᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9᠎ ᠤ ᠡᠳᠦᠷ ᠤᠨ ᠦᠳᠡ ᠶᠢᠨ ᠬᠤᠶᠢᠨ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ ᠨᠠᠶᠢᠷᠠᠮᠳᠠᠯ ᠲᠣᠮᠣ ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ ᠃    ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠺᠠᠮᠪᠤᠵᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠲᠠᠢ ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ ᠃ ᠲᠡᠷᠢᠭᠦᠯᠡᠭᠴᠢ ᠰᠢ ᠎ ᠶᠢᠨ ᠫᠢᠩ 2016 ᠣᠨ ᠳᠤ ᠺᠠᠮᠪᠤᠵᠠ ᠳᠤ ᠠᠮᠵᠢᠯᠲᠠ ᠲᠠᠢ ᠠᠶᠢᠯᠴᠢᠯᠠᠯᠲᠠ ᠬᠢᠵᠦ ᠂ 2020 ᠣᠨ ᠳᠤ ᠮᠦᠨᠢᠯᠢᠶᠧ ᠲᠠᠶᠢᠬᠡᠦ ᠳᠤ ︽ ᠨᠥᠬᠦᠷᠯᠡᠯ ᠤᠨ ᠭᠠᠪᠢᠶᠠᠨ ᠲᠡᠮᠳᠡᠭ ︾ ᠣᠯᠭᠤᠵᠤ ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ ᠲᠡᠷᠢᠭᠦᠨ ᠰᠠᠶᠢᠳ ᠠᠪᠤᠭᠠᠢ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠦᠶ᠎ᠡ ᠳᠤ ᠳᠤᠮᠳᠠᠳᠤ ᠤᠯᠤᠰ ᠲᠤ ᠠᠶᠢᠯᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ ᠰᠠᠭᠤᠭᠳᠠᠯ ᠦᠯᠡᠳᠡᠭᠡᠵᠡᠢ᠃ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ ᠂ ᠪᠢ ᠠᠩᠬ᠎ᠠ ᠤᠳᠠᠭ᠎ᠠ ᠫᠨᠣᠮ ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠣᠯᠣᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ ᠬᠥᠭᠵᠢᠯᠲᠡ ᠲᠠᠢ ᠪᠣᠯᠤᠭᠰᠠᠨ ᠳᠤ ᠳᠤᠮᠳᠠᠳᠤ ᠤᠯᠤᠰ ᠪᠠᠶᠠᠷ ᠬᠦᠷᠭᠡᠵᠦ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ ᠤᠯᠤᠰ  ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠪᠦᠷ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ ᠲᠠᠯ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ ᠂ ᠺᠠᠮᠪᠤᠵᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠲᠠᠪᠴᠠᠩ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ ᠳᠡᠮᠵᠢᠵᠦ ᠂ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠨᠢᠭᠲᠠᠷᠠᠭᠤᠯᠵᠤ ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ ᠂ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ  ᠬᠠᠷᠢᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠡᠢ᠃    ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠬᠢᠶᠠᠯ ᠪᠣᠯᠭᠠᠨ ᠂ ︽ ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ ︾᠎ ᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ ᠃ ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠶᠢᠯᠡᠰᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ ᠳᠡᠮᠵᠢᠨ᠎ᠡ᠃ ᠺᠠᠮᠪᠤᠵᠠ ᠶᠢ ᠬᠠᠪᠰᠤᠷᠤᠨ ᠮᠢᠨ᠎ᠠ ᠠᠷᠢᠯᠭᠠᠬᠤ ᠠᠵᠢᠯᠯᠠᠭ᠎ᠠ ᠶᠢ ᠥᠷᠨᠢᠭᠦᠯᠵᠦ ᠂ ᠺᠠᠮᠪᠤᠵᠠ ᠶᠢ ᠲᠤᠰᠠᠯᠠᠬᠤ ᠵᠠᠮ ᠂ ᠡᠮ ᠡᠮᠨᠡᠯᠭᠡ ᠂ ᠤᠰᠤ ᠬᠠᠩᠭᠠᠬᠤ ᠵᠡᠷᠭᠡ ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ  ᠂ ᠺᠠᠮᠪᠤᠵᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠤᠷᠭᠠᠨ ᠬᠥᠮᠦᠵᠢᠯ ᠂ ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ ᠨᠢᠰᠬᠡᠯ ᠢ ᠨᠡᠮᠡᠭᠳᠡᠭᠦᠯᠵᠦ ᠂ ᠺᠠᠮᠪᠤᠵᠠ ᠶᠢᠨ ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ ᠤᠭᠲᠤᠨ᠎ᠠ ᠭᠡᠵᠡᠢ᠃    ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ ᠂ ᠬᠥᠭᠵᠢᠭᠰᠡᠨ ᠂ ᠴᠡᠴᠡᠭᠯᠡᠭᠰᠡᠨ ᠺᠠᠮᠪᠤᠵᠠ ᠨᠢ ᠭᠠᠵᠠᠷ ᠣᠷᠣᠨ ᠤ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠺᠠᠮᠪᠤᠵᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠢ ᠰᠠᠶᠢᠲᠤᠷ ᠡᠷᠬᠢᠯᠡᠬᠦ ᠶᠢ ᠳᠤᠮᠳᠠᠳᠤ ᠤᠯᠤᠰ ᠪᠦᠬᠦ ᠬᠦᠴᠦᠨ ᠢᠶᠠᠷ ᠢᠶᠠᠨ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ  ᠭᠣᠣᠯᠯᠠᠬᠤ ᠪᠠᠶᠢᠷᠢ ᠰᠠᠭᠤᠷᠢ ᠶᠢ ᠡᠷᠡᠰ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ ᠪᠣᠯᠭᠠᠭᠰᠠᠨ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ ᠲᠥᠰᠥᠪ ᠢ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠣᠯᠠᠨ ᠤᠯᠤᠰ ᠤᠨ ᠭᠠᠵᠠᠷ ᠣᠷᠣᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠶᠢ ᠳᠡᠮᠵᠢᠨ᠎ᠡ ᠭᠡᠵᠡᠢ᠃    ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ ᠤᠯᠤᠰ ᠪᠣᠯ  ᠳᠣᠲᠣᠨᠣᠰᠤᠭ ᠬᠠᠷᠢᠴᠠᠭ᠎ᠠ ᠎ ᠲᠠᠢ ᠨᠠᠶᠢᠵᠠ ᠶᠤᠮ ᠂ ᠺᠠᠮᠪᠤᠵᠠ ᠳᠤᠮᠳᠠᠳᠤ ᠶᠢᠨ ᠨᠥᠬᠦᠷᠯᠡᠯ ᠨᠢ ᠺᠠᠮᠪᠤᠵᠠ ᠶᠢᠨ ᠠᠷᠠᠳ ᠲᠦᠮᠡᠨ ᠤ ᠬᠦᠷᠢᠶᠡᠯᠡᠯ ᠳᠡᠮᠵᠢᠯᠭᠡ ᠶᠢ ᠣᠯᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠦ ᠮᠠᠰᠢ ᠶᠡᠭᠡ ᠬᠦᠰᠡᠯ ᠡᠷᠡᠮᠡᠯᠵᠡᠯ ᠲᠠᠢ ᠪᠠᠶᠢᠨ᠎ᠠ ᠃ ᠺᠠᠮᠪᠤᠵᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠡᠮᠵᠢᠵᠦ ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠎ ᠬᠢᠨ ᠲᠠᠢ ᠬᠠᠮᠲᠤ ᠪᠠᠷ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠰᠠᠶᠢᠲᠤᠷ ᠡᠷᠬᠢᠯᠡᠵᠦ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠬᠥᠳᠡᠭᠡ ᠠᠵᠤ ᠠᠬᠤᠢ ᠂ ᠡᠨᠧᠷᠭᠢ ᠂ ᠰᠠᠭᠤᠷᠢ ᠲᠥᠬᠦᠭᠡᠷᠦᠮᠵᠢ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠡᠨ ᠴᠢᠩᠭᠠᠳᠬᠠᠵᠤ ᠂ ᠬᠤᠶᠠᠷ ᠤᠯᠤᠰ ᠤᠨ ᠬᠠᠷᠢᠯᠴᠠᠭ᠎ᠠ ᠪᠣᠯᠣᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠃ ᠺᠠᠮᠪᠤᠵᠠ ᠶᠢᠨ ᠲᠠᠯ᠎ᠠ ᠶᠢᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠠᠬᠢ ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠵᠠᠷᠴᠢᠮ ᠢ ᠬᠦᠨᠳᠦᠳᠬᠡᠵᠦ ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ ᠬᠠᠮᠠᠭᠠᠯᠠᠨ᠎ᠠ ᠭᠡᠵᠡᠢ᠃    ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ ᠃ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ ᠲᠡᠷᠢᠭᠦᠨ ᠰᠠᠶᠢᠳ ᠬᠠᠮᠲᠤ ᠪᠠᠷ ᠳᠤᠮᠳᠠᠳᠤ ᠺᠠᠮᠪᠤᠵᠠ ᠶᠢᠨ ᠬᠥᠳᠡᠭᠡ ᠠᠵᠤ ᠠᠬᠤᠢ ᠂ ᠰᠠᠭᠤᠷᠢ ᠲᠥᠬᠦᠭᠡᠷᠦᠮᠵᠢ ᠂ ᠰᠤᠷᠭᠠᠨ ᠬᠥᠮᠦᠵᠢᠯ ᠂ ᠬᠢᠲᠠᠳ ᠡᠮ ᠡᠮᠨᠡᠯᠭᠡ ᠂ ᠪᠣᠭᠤᠮᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠦ ᠠᠷᠪᠠᠨ ᠬᠡᠳᠦᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ ᠂ ᠫᠨᠣᠮ ᠪᠧᠩ ᠎ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠵᠢᠴᠢ ᠢᠵᠢ ᠪᠦᠷᠢᠳᠦᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠳᠤ ᠣᠷᠣᠯᠴᠠᠪᠠ ᠃ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠬᠦ ᠪᠣᠯᠣᠨ᠎ᠠ᠃    ᠬᠡᠯᠡᠯᠴᠡᠭᠡ ᠬᠢᠬᠦ ᠠᠴᠠ ᠡᠮᠦᠨ᠎ᠡ ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ ᠲᠡᠷᠢᠭᠦᠨ ᠰᠠᠶᠢᠳ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠠᠩᠭᠢ ᠶᠢᠨ ᠬᠢᠨ ᠳᠤᠮᠳᠠᠳᠤ ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠯᠢ ᠺᠧ ᠴᠢᠶᠠᠩ ᠡᠾᠦ᠋ᠨᠰᠧᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ ᠃    ᠲᠤᠰ ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ ᠳᠤᠷᠠᠰᠬᠠᠯ ᠤᠨ ᠬᠥᠰᠢᠶ᠎ᠡ ᠪᠣᠯᠣᠨ ᠤᠯᠤᠰ ᠤᠨ ᠸᠠᠩ ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃    ᠰᠢᠶᠣᠣ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1