2022 ᠣᠨ ᠤ 1 — 10 ᠳ᠋ᠤᠭᠠᠷ ᠰᠠᠷ᠎ᠠ ᠶᠢᠨ ᠪᠥᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/11/23
    1 — 10 ᠳ᠋ᠤᠭᠠᠷ ᠰᠠᠷ᠎ᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠂ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠨ ᠲᠣᠭᠤᠷᠢᠨ ᠤ ᠨᠥᠯᠥᠭᠡᠯᠡᠯ ᠠᠴᠠ ᠪᠣᠯᠵᠤ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠡᠳᠦᠢ ᠲᠡᠳᠦᠢ ᠳᠠᠭᠠᠷᠢᠯᠲᠠ ᠳᠤ ᠤᠴᠠᠷᠠᠪᠠ᠃ ᠭᠡᠪᠡᠴᠦ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠣᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ︽ᠭᠤᠷᠪᠠᠨ ᠳᠠᠪᠬᠤᠷ ᠳᠠᠷᠤᠯᠲᠠ︾ ᠪᠠ ᠣᠯᠠᠨ ᠤᠯᠤᠰ ᠤᠨ ᠡᠨᠧᠷᠭᠢ ᠶᠢᠨ ᠦᠨ᠎ᠡ ᠬᠠᠩᠰᠢ ᠥᠰᠬᠦ᠂ ᠵᠣᠭᠤᠰ ᠮᠠᠭᠤᠳᠠᠬᠤ ᠵᠡᠷᠭᠡ ᠨᠠᠵᠠᠭᠠᠢ ᠨᠥᠯᠥᠭᠡ ᠶᠢ ᠢᠳᠡᠪᠬᠢᠲᠡᠢ ᠪᠠᠷ ᠠᠷᠭᠠᠴᠠᠵᠤ᠂ ᠪᠥᠬᠦ ᠣᠷᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠨᠢ ᠦᠷᠭᠦᠯᠵᠢᠯᠡᠨ ᠲᠣᠭᠲᠠᠭᠤᠨ ᠪᠠᠶᠢᠳᠠᠯ ᠢᠯᠡᠷᠡᠪᠡ᠃    ᠨᠢᠭᠡᠳᠤᠭᠡᠷ ᠲᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠡᠮᠵᠢᠶ᠎ᠡ ᠦᠷᠭᠦᠯᠵᠢᠯᠡᠨ ᠤᠳᠠᠭᠠᠰᠢᠷᠠᠵᠤ᠂ ᠨᠡᠮᠡᠭᠳᠡᠯ ᠦᠷᠳᠡᠭ ᠤᠨ ᠪᠠᠭᠤᠷᠠᠯᠲᠠ ᠶᠢᠨ ᠬᠡᠮᠵᠢᠶ᠎ᠡ ᠲᠠᠰᠤᠷᠠᠯᠳᠠ ᠦᠭᠡᠢ ᠥᠷᠭᠡᠳᠬᠡᠬᠦ 1 — 10 ᠰᠠᠷ᠎ᠠ ᠳᠤ᠂ ᠲᠣᠭᠲᠠᠭᠠᠭᠰᠠᠨ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠦᠢᠯᠡᠳᠬᠦᠨ ᠤ ᠥᠷᠲᠡᠭ ᠨᠢ 197.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2% ᠨᠡᠮᠡᠭᠳᠡᠵᠦ᠂ 1 — 9 ᠰᠠᠷ᠎ᠠ ᠶᠢᠨ ᠬᠢ ᠠᠴᠠ 3.2 ᠵᠠᠭᠤᠨ ᠤ ᠨᠢᠭᠡᠴᠢ ᠪᠠᠭᠤᠷᠠᠪᠠ︔ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 3.5% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 9 ᠳ᠋ᠤᠭᠡᠷ ᠰᠠᠷ᠎ᠠ ᠶᠢᠨ ᠬᠢ ᠠᠴᠠ 1 ᠵᠠᠭᠤᠨ ᠤ ᠨᠢᠭᠡᠴᠢ ᠥᠷᠭᠡᠳᠴᠡᠢ᠃    ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃    1 — 10 ᠰᠠᠷ᠎ᠠ ᠳᠤ᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 59.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30.4%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.3 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠬᠤᠶᠠᠷ︶ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠃    1 — 10 ᠰᠠᠷ᠎ᠠ ᠳᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 115.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.0% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 58.4%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 12.8 ᠵᠠᠭᠤᠨ ᠤ ᠨᠢᠭᠡᠴᠢ ᠳᠡᠭᠡᠭᠰᠢᠯᠡᠭᠦᠯᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 14.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 7.2%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.9 ᠵᠠᠭᠤᠨ ᠤ ᠨᠢᠭᠡᠴᠢ ᠪᠠᠭᠤᠷᠠᠭᠤᠯᠪᠠ᠃    ︵ᠭᠤᠷᠪᠠ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ᠃    1 — 10 ᠰᠠᠷ᠎ᠠ ᠳᠤ᠂ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 13 ᠭᠡᠷ ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 181.92 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.0% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 92.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 12.8 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠳᠥᠷᠪᠡ︶ ᠭᠤᠷᠪᠠᠨ ᠶᠡᠭᠡ ᠭᠤᠣᠯ ᠠᠵᠢᠯ ᠲᠥᠷᠥᠯ᠃    1 — 10 ᠰᠠᠷ᠎ᠠ ᠳᠤ᠂ ᠡᠨᠧᠷᠭᠢ᠂ ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠢᠨ 190.17 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.1%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 96.4%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 13.5 ᠵᠠᠭᠤᠨ ᠤ ᠨᠢᠭᠡᠴᠢ ᠳᠡᠭᠡᠭᠰᠢᠯᠡᠭᠦᠯᠪᠡ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 65.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 33.4%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.6 ᠵᠠᠭᠤᠨ ᠤ ᠨᠢᠭᠡᠴᠢ ᠳᠡᠭᠡᠭᠰᠢᠯᠡᠭᠦᠯᠪᠡ︔ ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠦᠢᠯᠡᠳᠬᠦᠨ ᠤ ᠥᠷᠲᠡᠭ 62.51 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 12.1%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 31.7%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.9 ᠵᠠᠭᠤᠨ ᠤ ᠨᠢᠭᠡᠴᠢ ᠳᠡᠭᠡᠭᠰᠢᠯᠡᠭᠦᠯᠪᠡ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 61.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.1%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 31.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 8.0 ᠵᠠᠭᠤᠨ ᠤ ᠨᠢᠭᠡᠴᠢ ᠨᠡᠮᠡᠭᠳᠡᠬᠦ ᠶᠢ ᠠᠬᠢᠭᠤᠯᠪᠠ᠃    ︵ᠲᠠᠪᠤ︶ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ᠃    1 — 10 ᠰᠠᠷ᠎ᠠ ᠳᠤ᠂ ᠨᠡᠭᠦᠷᠡᠰᠦᠨ ᠤ ᠭᠠᠷᠤᠯᠲᠠ 1269.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8%᠎ ᠪᠠᠷ ᠪᠠᠭᠤᠷᠠᠪᠠ᠂ ᠡᠭᠦᠨ ᠳᠤ᠄ ᠡᠩ ᠤᠨ ᠨᠡᠭᠦᠷᠡᠰᠦᠨ ᠤ ᠪᠦᠯᠦᠭᠯᠡᠯ ᠤᠨ ᠨᠡᠭᠦᠷᠡᠰᠦᠨ ᠤ ᠭᠠᠷᠤᠯᠲᠠ 1207.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠭᠤᠷᠠᠵᠤ︔ ᠴᠠᠬᠢᠯᠭᠠᠨ ᠭᠠᠷᠭᠠᠭᠰᠠᠨ ᠬᠡᠮᠵᠢᠶ᠎ᠡ ᠨᠢ 74.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3%᠎ ᠪᠠᠷ ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 68.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠭᠤᠷᠠᠵᠤ︔ ᠬᠡᠦᠷᠡᠰᠦ ᠶᠢᠨ ᠭᠠᠷᠤᠯᠲᠠ ᠶᠢᠨ ᠬᠡᠮᠵᠢᠶ᠎ᠡ 50.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.9% ᠨᠡᠮᠡᠭᠳᠡᠪᠡ︔ ᠰᠢᠩᠭᠡᠨ ᠪᠡᠶᠡᠲᠦ ᠰᠦᠨ ᠤ ᠭᠠᠷᠤᠯᠲᠠ ᠨᠢ 11.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠪᠠᠭᠤᠷᠠᠵᠤ︔ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 34.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠳᠤᠷᠤᠭᠰᠢᠯᠠᠪᠠ᠃    ︵ᠵᠢᠷᠭᠤᠭ᠎ᠠ︶ ᠡᠨᠧᠷᠭᠢ ᠶᠢᠨ ᠬᠤᠷᠣᠭᠳᠠᠯ ᠤᠨ ᠪᠠᠶᠢᠳᠠᠯ᠃    1 — 10 ᠰᠠᠷ᠎ᠠ ᠳᠤ᠂ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ 132.5 ᠲᠦᠮᠡᠨ ᠲᠣᠨ ᠪᠠᠷᠢᠮᠵᠢᠶᠠᠲᠤ ᠨᠡᠭᠦᠷᠡᠰᠦ ᠲᠣᠭᠲᠠᠭᠠᠵᠤ᠂ ᠠᠳᠠᠯᠢ ᠬᠤᠭᠤᠴᠠᠭᠠᠨ ᠤ ᠬᠢ ᠠᠴᠠ 4.0 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ 3.1%᠎ ᠪᠠᠷ ᠨᠡᠮᠡᠭᠳᠡᠪᠡ᠃ ᠡᠭᠦᠨ ᠳᠤ ᠡᠨᠧᠷᠭᠢ ᠶᠢᠨ ᠬᠤᠷᠣᠭᠳᠠᠭᠤᠯᠤᠯ ᠨᠢ 1 ᠲᠦᠮᠡᠨ ᠲᠣᠨ ᠠᠴᠠ ᠳᠡᠭᠡᠭᠰᠢ ᠪᠠᠶᠢᠭ᠎ᠠ 13 ᠭᠡᠷ ᠪᠦᠯᠢ ᠶᠢᠨ ᠳᠦᠷᠢᠮ ᠲᠣᠭᠲᠠᠭᠠᠯ ᠳᠠᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠨᠢ 127.1 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ 4.6%᠎ ᠪᠠᠷ ᠨᠡᠮᠡᠭᠳᠡᠨ᠃ ᠡᠨᠧᠷᠭᠢ ᠶᠢᠨ ᠬᠤᠷᠣᠭᠳᠠᠯ ᠢᠶᠠᠷ ᠬᠠᠮᠤᠭ ᠤᠨ ᠶᠡᠭᠡ ᠢᠫᠢᠨ ᠤᠨ ᠠᠮᠢᠳᠤ ᠪᠣᠳᠠᠰ ᠤᠨ ᠡᠨᠧᠷᠭᠢ ᠶᠢᠨ ᠬᠤᠷᠣᠭᠳᠠᠯ ᠨᠢ 66.7 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.4 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ 0.6%᠎ ᠪᠠᠷ ᠨᠡᠮᠡᠭᠳᠡᠨ᠂ ᠶᠡᠷᠦᠩᠬᠡᠢ ᠬᠡᠮᠵᠢᠶᠡᠨ ᠨᠢ 50.3%᠎ ᠶᠢ ᠡᠵᠡᠯᠡᠪᠡ︔ ᠤᠭ ᠴᠠᠬᠢᠯᠭᠠᠨ ᠤ ᠡᠨᠧᠷᠭᠢ ᠶᠢᠨ ᠬᠤᠷᠣᠭᠳᠠᠯ ᠨᠢ 16.3 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ 5.3%᠎ ᠪᠠᠷ ᠨᠡᠮᠡᠭᠳᠡᠨ᠂ ᠶᠡᠷᠦᠩᠬᠡᠢ ᠬᠡᠮᠵᠢᠶᠡᠨ ᠤ 12.3%᠎ ᠶᠢ ᠡᠵᠡᠯᠡᠪᠡ᠃    ᠬᠤᠶᠠᠳᠤᠭᠠᠷ ᠲᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠬᠦ    1 — 10 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 158 ᠪᠣᠯᠪᠠ    ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶᠂ ᠡᠭᠦᠨ ᠳᠤ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ 120 ᠪᠠᠶᠢᠵᠤ ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶᠂ ᠳᠡᠭᠡᠭᠰᠢ ᠮᠡᠳᠡᠭᠦᠯᠦᠭᠰᠡᠨ ᠪᠡᠯᠡ ᠣᠷᠣᠭᠤᠯᠤᠯᠲᠠ 54.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.9%᠎ ᠪᠠᠷ ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠳᠤ 50.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 44.0%᠎ ᠪᠠᠷ ᠨᠡᠮᠡᠭᠳᠡᠪᠡ︔ 5000 ᠲᠦᠮᠡᠨ ᠲᠥᠭᠦᠷᠢᠭ ᠠᠴᠠ ᠳᠣᠷᠣᠭᠰᠢᠬᠢ ᠲᠥᠷᠥᠯ ᠵᠦᠢᠯ ᠳᠤ 4.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 7.3%᠎ ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠳᠤ 0.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 87.0%᠎ ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ ᠳᠤ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 28.8%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠲᠥᠷᠥᠯ ᠵᠦᠢᠯ ᠳᠤ 36.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 131.2%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠳᠤ 16.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 32.3%᠎ ᠪᠠᠷ ᠳᠤᠷᠤᠭᠰᠢᠯᠠᠪᠠ᠃    ᠭᠤᠷᠪᠠᠳᠤᠭᠠᠷ ᠲᠤ᠂ ᠬᠡᠷᠡᠭᠯᠡᠭᠡᠨ ᠤ ᠵᠠᠬ᠎ᠠ ᠳᠡᠯᠭᠡᠭᠦᠷ ᠥᠭᠡᠳᠡ ᠦᠭᠡᠢ ᠪᠠᠶᠢᠬᠤ    1 — 10 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 33.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8%᠎ ᠪᠠᠷ ᠨᠡᠮᠡᠭᠳᠡᠪᠡ᠂ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 2.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9%᠎ ᠪᠠᠷ ᠨᠡᠮᠡᠭᠳᠡᠪᠡ᠃    ᠲᠦᠷᠪᠡᠳᠦᠭᠡᠷ ᠲᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    1 — 10 ᠳ᠋ᠤᠭᠠᠷ ᠰᠠᠷ᠎ᠠ ᠳᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 11.80 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 9.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 78.6%᠎ ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 25.75 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ᠃    ᠲᠠᠪᠤᠳᠤᠭᠠᠷ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    10 ᠰᠠᠷ᠎ᠠ ᠶᠢᠨ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 293.71 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 10.8%᠎ ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 261.66 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 14.3% ᠨᠡᠮᠡᠭᠳᠡᠵᠦ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 216.15 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 6.0% ᠨᠡᠮᠡᠭᠳᠡᠪᠡ᠃    
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1