ᠶᠤᠸᠠᠨ ᠪᠦᠦ ᠱᠠᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠮᠤᠷ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2022/11/4
    ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠎ ᠨᠢ ᠫᠢᠩᠵᠤᠸᠠᠩ ᠮᠠᠰᠢᠨ ᠲᠡᠷᠭᠡᠨ ᠤ ᠥᠷᠲᠡᠭᠡ ᠶᠢ ᠵᠣᠬᠢᠶᠠᠨ ᠪᠠᠶᠢᠭᠤᠯᠤᠨ ᠨᠠᠮᠤᠷ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃
1_副本.jpg
       ᠫᠢᠩᠵᠣᠸᠠᠩ ᠮᠠᠰᠢᠨ ᠲᠡᠷᠭᠡᠨ ᠤ ᠥᠷᠲᠡᠭᠡᠨ ᠤ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠠᠮᠤᠷ ᠲᠦᠪᠰᠢᠨ ᠤ ᠪᠣᠯᠪᠠᠰᠤᠷᠠᠯ ᠤᠨ ᠬᠥᠮᠦᠵᠢᠯ ᠪᠣᠯᠣᠨ ᠭᠠᠯ ᠤᠨᠲᠠᠷᠠᠭᠠᠭᠤᠷ ᠢ ᠬᠡᠷᠡᠭᠯᠡᠬᠦ ᠪᠣᠳᠠᠲᠤ ᠰᠣᠷᠢᠯᠲᠠ ᠬᠢᠵᠦ᠂ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠴᠢᠳᠠᠮᠵᠢ ᠂ ᠭᠠᠯ ᠤᠨᠲᠠᠷᠠᠭᠠᠬᠤ ᠬᠡᠷᠡᠭᠰᠡᠯ ᠢ ᠬᠡᠷᠡᠭᠯᠡᠬᠦ ᠠᠷᠭ᠎ᠠ ᠂ ᠭᠠᠯ ᠤᠨ ᠠᠶᠤᠯ ᠤᠨ ᠡᠬᠢᠨ ᠤ ᠦᠶ᠎ᠡ ᠳᠤ ᠬᠡᠷᠬᠢᠨ ᠭᠠᠯ ᠤᠨᠲᠠᠷᠠᠭᠠᠬᠤ ᠵᠢᠴᠢ ᠥᠪᠡᠷ ᠢ ᠪᠠᠨ ᠠᠪᠤᠷᠠᠵᠤ ᠵᠠᠶᠢᠯᠠᠨ ᠵᠢᠭᠤᠳᠠᠬᠤ ᠮᠡᠳᠡᠯᠭᠡ ᠪᠠ ᠤᠷ᠎ᠠ ᠴᠢᠳᠠᠪᠤᠷᠢ ᠶᠢ ᠨᠠᠷᠢᠨ ᠲᠠᠶᠢᠯᠪᠤᠷᠢᠯᠠᠨ᠂ ᠺᠠᠳ᠋ᠷ ᠠᠵᠢᠯᠲᠠᠳ ᠤᠨ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠪᠠ ᠭᠠᠯ ᠤᠨ ᠠᠶᠤᠯ ᠤᠨ ᠡᠬᠢᠨ ᠎ ᠤ ᠥᠶ᠎ᠡ ᠶᠢᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠎ ᠨᠢ ᠴᠢᠩᠭᠠᠳᠬᠠᠪᠠ ᠃    ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠎ ᠨᠢ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠲᠣᠭᠲᠠᠴᠠ ᠶᠢ ᠣᠯᠡᠮ ᠲᠡᠭᠦᠯᠳᠡᠷᠵᠢᠭᠦᠯᠵᠦ ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠮᠤᠷ ᠡᠪᠦᠯ ᠤᠨ ᠤᠯᠠᠷᠢᠯ ᠤᠨ ᠭᠠᠯ ᠢ ᠰᠡᠷᠭᠡᠶᠢᠯᠡᠬᠦ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠥᠨ ᠠᠮᠤᠷ ᠲᠣᠭᠲᠠᠭᠤᠨ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1