ᠼᠤᠤ ᡁᠢ ᠶᠦᠩ ︽ᠳᠥᠷᠪᠡ ᠶᠢ ᠣᠷᠬᠢᠵᠤ ᠬᠤᠶᠠᠷ ᠢ ᠰᠢᠭᠤᠳᠬᠤ︾ ᠬᠡᠯᠪᠡᠷᠢ ᠪᠠᠷ ᠲᠤᠰᠠᠭᠠᠷᠯᠠᠨ ᠰᠡᠷᠭᠡᠶᠢᠯᠡᠵᠦ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/4
    11 ᠰᠠᠷ᠎ᠠ ᠶᠢᠨ 1᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ︽ ᠳᠥᠷᠪᠡ ᠶᠢ ᠣᠷᠬᠢᠵᠤ ᠬᠤᠶᠠᠷ ᠢ ᠰᠢᠭᠤᠳᠬᠤ︾ ᠬᠡᠯᠪᠡᠷᠢ ᠪᠠᠷ ᠫᠢᠩ ᠮᠧᠶ ᠬᠤᠳᠠᠯᠳᠤᠭᠠᠨ ᠤ ᠶᠠᠪᠤᠳᠠᠯ ᠤᠨ ᠵᠣᠴᠢᠳ ᠤᠨ ᠪᠠᠭᠤᠳᠠᠯ᠂  ᠾᠣᠮᠧᠷ ᠤᠨ ᠲᠤᠷᠰᠢᠯᠲᠠ ᠶᠢᠨ ᠰᠤᠷᠭᠠᠭᠤᠯᠢ᠂ ᠰᠢᠶᠠᠩ ᠶᠠᠩ ᠭᠤᠷᠪᠠᠳᠤᠭᠠᠷ ᠰᠠᠭᠤᠭᠠᠯᠢ ᠲᠣᠭᠤᠷᠢᠭ᠂ ᠾᠦᠢ ᠨᠢᠩ A  ᠰᠠᠭᠤᠭᠠᠯᠢ ᠲᠣᠭᠤᠷᠢᠭ᠂ ᠫᠢᠩᠵᠤᠸᠠᠩ ᠪᠠᠯᠭᠠᠰᠤᠨ ᠤ ᠮᠣᠣ ᠵᠢᠶᠠ ᠲᠣᠰᠬᠤᠨ ᠳᠤ ᠬᠦᠷᠴᠦ ᠲᠤᠰᠠᠭᠠᠷᠯᠠᠨ ᠰᠡᠷᠭᠡᠶᠢᠯᠡᠵᠦ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠣᠭᠤᠷᠢᠭ ᠤᠨ ᠳᠡᠳ᠋ ᠳᠠᠷᠤᠭ᠎ᠠ ᠵᠢᠶᠣᠣ ᠴᠢᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ ᠪᠠᠷ᠎ᠠ ᠪᠣᠯᠵᠤ ᠪᠠᠶᠢᠴᠠᠭᠠᠪᠠ᠃
1_副本.jpg
       ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠂ ᠼᠤᠤ ᡁᠢ ᠶᠦᠩ ᠲᠤᠰᠠᠭᠠᠷᠯᠠᠨ ᠵᠥᠭᠡᠭᠡᠪᠦᠷᠢᠯᠡᠬᠦ ᠂ ᠣᠷᠴᠢᠨ ᠲᠣᠭᠤᠷᠢᠨ ᠢ ᠠᠷᠢᠭᠤᠳᠬᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠢᠯᠲᠠᠳ ᠲᠤ ᠲᠤᠰ ᠪᠡᠶ᠎ᠡ ᠶᠢᠨ ᠰᠡᠷᠭᠡᠶᠢᠯᠡᠨ ᠬᠠᠮᠠᠭᠠᠯᠠᠯᠲᠠ ᠪᠠᠨ ᠴᠢᠩᠭᠠᠳᠬᠠᠵᠤ ᠂ ᠡᠯ᠎ᠡ ᠵᠦᠢᠯ ᠤᠨ ᠠᠵᠢᠯᠯᠠᠬᠤ ᠳᠦᠷᠢᠮ ᠢ ᠴᠢᠩᠭ᠎ᠠ ᠬᠡᠷᠡᠭᠵᠢᠭᠦᠯᠥᠨ᠂ ᠡᠯ᠎ᠡ ᠵᠦᠢᠯ ᠤᠨ ᠲᠤᠰᠠᠭᠠᠷᠯᠠᠨ ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ ᠃ ᠼᠤᠤ ᡁᠢ ᠶᠦᠩ ᠂ ᠲᠤᠰᠠᠭᠠᠷᠯᠠᠬᠤ ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠪᠠᠲᠤᠯᠠᠭ᠎ᠠ ᠂ ᠠᠮᠢᠳᠤᠷᠠᠯ ᠤᠨ ᠬᠠᠩᠭᠠᠯᠭ᠎ᠠ ᠪᠣᠯᠣᠨ ᠬᠥᠮᠥᠡᠯᠢᠭ ᠬᠠᠯᠠᠮᠵᠢᠯᠠᠯ ᠢ ᠰᠡᠳᠬᠢᠯ ᠲᠠᠯᠪᠢᠨ ᠰᠠᠶᠢᠲᠤᠷ ᠬᠢᠵᠦ ᠂ ᠠᠷᠢᠭᠤᠳᠬᠠᠬᠤ ᠪᠣᠯᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠢᠵᠦ ᠂ ᠬᠠᠮᠢᠶᠠᠷᠤᠯᠲᠠ ᠪᠠᠨ ᠣᠷᠬᠢᠭᠳᠠᠭᠤᠯᠬᠤ ᠲᠦᠭᠰᠢᠭᠦᠷᠢ ᠶᠢ ᠡᠷᠡᠰ ᠠᠷᠢᠯᠭᠠᠨ᠂ ᠲᠤᠰᠠᠭᠠᠷᠯᠠᠬᠤ ᠴᠡᠭ ᠤᠨ ᠠᠮᠤᠷ ᠲᠦᠪᠰᠢᠨ ᠪᠦᠭᠡᠳ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠭᠡᠷ ᠎ ᠲᠤ ᠪᠠᠨ ᠲᠤᠰᠠᠭᠠᠷᠯᠠᠬᠤ ᠭᠠᠵᠠᠷ ᠲᠤ᠂ ᠼᠤᠤ ᡁᠢ ᠶᠦᠩ ᠭᠡᠷ ᠎ ᠲᠤ ᠪᠠᠨ ᠲᠤᠰᠠᠭᠠᠷᠯᠠᠬᠤ ᠪᠢᠲᠡᠭᠦᠮᠵᠢᠯᠡᠬᠦ ᠨᠠᠭᠠᠯᠲᠠ ᠬᠠᠭᠤᠳᠠᠰᠤ᠂ ᠡᠭᠦᠳᠡᠨ ᠰᠣᠷᠢᠨᠵᠢᠨ ᠵᠡᠷᠭᠡ ᠪᠠᠶᠢᠳᠠᠯ ᠢ ᠨᠠᠷᠢᠨ ᠪᠠᠶᠢᠴᠠᠭᠠᠵᠤ᠂ ᠲᠤᠰᠠᠭᠠᠷᠯᠠᠭᠰᠠᠳ ᠤᠨ ᠬᠥᠮᠥᠨ ᠤ ᠲᠤᠭ᠎ᠠ᠂ ᠪᠡᠶ᠎ᠡ ᠮᠠᠬᠠᠪᠤᠳ ᠪᠠ ᠰᠡᠳᠬᠢᠴᠡ ᠶᠢᠨ ᠪᠠᠶᠢᠳᠠᠯ᠂ ᠭᠡᠷ ᠪᠦᠯᠢ ᠶᠢᠨ ᠬᠢᠨ ᠤ ᠲᠥᠪᠬᠢᠨᠡᠭᠦᠯᠦᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠼᠤᠤ ᡁᠢ ᠶᠦᠩ᠂ ︽ ᠡᠭᠦᠳᠡᠨ ᠰᠣᠷᠢᠨᠵᠢᠨ ᠂ ᠪᠢᠲᠡᠭᠦᠮᠵᠢᠯᠡᠬᠦ ᠨᠠᠭᠠᠯᠲᠠ ᠬᠠᠭᠤᠳᠠᠰᠤ  ᠂ ᠡᠭᠦᠳᠡᠨ ᠎ ᠳᠤ ᠨᠢ ᠬᠥᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠵᠡᠷᠭᠡ ᠲᠤᠰᠠᠭᠠᠷᠯᠠᠨ ᠬᠠᠮᠢᠶᠠᠷᠴᠤ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠲᠤᠰᠠᠭᠠᠷᠯᠠᠭᠰᠠᠳ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠰᠡᠳᠬᠢᠴᠡ ᠎ ᠶᠢᠨ ᠵᠢᠯᠣᠭᠤᠳᠤᠯᠭ᠎ᠠ ᠶᠢᠨ ᠠᠵᠢᠯ ᠢ ᠰᠠᠶᠢᠲᠤᠷ ᠭᠦᠢᠴᠡᠳᠬᠡᠨ᠂ ᠲᠡᠳᠡᠨ ᠤ ᠠᠮᠢᠳᠤᠷᠠᠯ ᠤᠨ ᠬᠡᠷᠡᠭᠴᠡᠭᠡ ᠶᠢ ᠬᠦᠯᠢᠴᠡᠩᠭᠦᠢ ᠪᠥᠭᠡᠳ ᠨᠢᠮᠪᠠᠢ ᠬᠠᠪᠰᠤᠷᠤᠨ ᠰᠢᠢᠳᠪᠦᠷᠢᠯᠡᠵᠦ ᠂ ᠲᠤᠰᠠᠭᠠᠷᠯᠠᠭᠰᠠᠳ ᠲᠤ ᠭᠡᠷ ᠲᠡᠭᠡᠨ ᠰᠠᠭᠤᠵᠤ ᠥᠪᠡᠷ ᠢ ᠪᠠᠨ ᠬᠠᠮᠢᠶᠠᠷᠬᠤ ᠂ ᠡᠷᠡᠭᠦᠯ ᠮᠡᠨᠳᠦ ᠪᠠᠨ ᠬᠢᠨᠠᠨ ᠪᠠᠶᠢᠴᠠᠭᠠᠬᠤ ᠶᠢ ᠴᠢᠩᠭ᠎ᠠ ᠨᠠᠶᠢᠳᠠᠪᠤᠷᠢᠵᠢᠭᠤᠯᠬᠤ  ᠂ ᠭᠡᠷ ᠳᠣᠲᠣᠷᠠᠬᠢ ᠡᠳᠦᠷ ᠪᠦᠷᠢ ᠶᠢᠨ ᠠᠷᠢᠭᠤᠳᠬᠠᠬᠤ ᠠᠵᠢᠯ ᠢ ᠰᠠᠶᠢᠲᠤᠷ ᠬᠢᠬᠦ ᠶᠢ ᠰᠠᠨᠠᠭᠤᠯᠤᠨ᠂ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠥᠮᠵᠢ ᠪᠠᠨ ᠦᠨᠡᠨᠬᠦ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1