ᠫᠧᠩ ᠰᠢᠶᠣᠣ ᠵᠢᠤᠸᠠᠨ ᠪᠦᠯᠬᠦᠮ ᠳᠠᠭᠠᠭᠤᠯᠤᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠤᠭᠤᠯᠠ ᠬᠠᠩᠭᠠᠬᠤ ᠨᠢᠭᠡᠴᠢ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/4
    10 ᠰᠠᠷ᠎ᠠ ᠶᠢᠨ 31᠎ ᠤ ᠡᠳᠦᠷ ᠠᠴᠠ 11 ᠰᠠᠷ᠎ᠠ ᠶᠢᠨ 1᠎ ᠤ ᠡᠳᠦᠷ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠫᠧᠩ ᠰᠢᠶᠣᠣ ᠵᠢᠤᠸᠠᠨ ᠪᠦᠯᠬᠦᠮ ᠳᠠᠭᠠᠭᠤᠯᠤᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠤᠭᠤᠯᠠ ᠬᠠᠩᠭᠠᠬᠤ ᠨᠢᠭᠡᠴᠢ ᠳᠤ ᠬᠦᠷᠴᠦ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠢᠨᠠᠨ ᠵᠢᠯᠤᠭᠤᠳᠴᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠥᠮᠥᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠪᠡ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃
1_副本.jpg
       ᠫᠧᠩ ᠰᠢᠶᠣᠣ ᠵᠢᠤᠸᠠᠨ ᠬᠤᠭᠤᠯᠠ ᠬᠠᠩᠭᠠᠬᠤ ᠨᠢᠭᠡᠴᠢ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠬᠤᠭᠤᠯᠠ ᠬᠠᠩᠭᠠᠬᠤ ᠵᠠᠭᠤᠰᠢ ᠶᠢᠨ ᠵᠢᠭᠰᠠᠭᠠᠯᠲᠠ᠂ ᠢᠳᠡᠭᠡᠨ ᠵᠢᠴᠢ ᠲᠦᠭᠦᠬᠡᠢ ᠮᠠᠲ᠋ᠧᠷᠢᠶᠠᠯ ᠤᠨ ᠪᠠᠷᠠᠭ᠎ᠠ ᠣᠷᠣᠭᠤᠯᠤᠯᠲᠠ ᠶᠢᠨ ᠪᠠᠶᠢᠴᠠᠭᠠᠯᠲᠠ᠂ ᠡᠳ᠋ᠰᠢᠭᠦᠯᠬᠦ ᠶᠠᠪᠤᠴᠠ᠂ ᠲᠣᠬᠢᠷᠠᠭᠤᠯᠤᠨ ᠬᠦᠷᠭᠡᠬᠦ ᠵᠢᠴᠢ ᠢᠳᠡᠭᠡᠨ ᠤ ᠶᠠᠩᠵᠤ ᠦᠯᠡᠳᠡᠭᠡᠬᠦ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠡᠭᠦᠨ ᠤ ᠬᠠᠮᠲᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠢᠳᠡᠭᠡᠨ ᠤ ᠵᠦᠢᠯ ᠤᠨ ᠶᠠᠩᠵᠤ ᠦᠯᠡᠳᠡᠭᠡᠬᠦ ᠲᠤᠭ᠎ᠠ ᠬᠡᠮᠵᠢᠶ᠎ᠡ ᠨᠢ ᠬᠦᠷᠦᠯᠴᠡᠬᠦ ᠦᠭᠡᠢ ᠂ ᠵᠢᠷᠤᠮᠵᠢᠭᠤᠨ ᠪᠣᠰᠤ ᠪᠣᠯᠣᠨ ᠢᠳᠡᠭᠡᠨ ᠤ ᠮᠠᠲ᠋ᠧᠷᠢᠶᠠᠯ ᠢ ᠲᠦᠭᠦᠬᠡᠢ ᠪᠣᠯᠭᠤᠭᠰᠠᠨ ᠢ ᠬᠤᠯᠢᠯᠳᠤᠭᠤᠯᠤᠨ ᠲᠠᠯᠪᠢᠬᠤ ᠥᠵᠡᠭᠳᠡᠯ ᠣᠷᠣᠰᠢᠵᠤ ᠪᠠᠶᠢᠬᠤ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠨ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠮᠥᠷᠳᠡᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠪᠠᠶᠢᠴᠠᠭᠠᠬᠤ ᠤᠳᠠᠭ᠎ᠠ ᠪᠠ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠤᠭᠤᠯᠠ ᠬᠠᠩᠭᠠᠬᠤ ᠨᠢᠭᠡᠴᠢ ᠶᠢᠨ ᠲᠣᠭᠤᠭᠠᠨ ᠭᠡᠷ ᠤᠨ ᠠᠵᠢᠯᠲᠠᠨ ᠤ ᠡᠷᠡᠭᠦᠯ ᠮᠡᠨᠳᠦ ᠶᠢᠨ ᠪᠣᠭᠤᠮᠲᠠ᠂ ᠢᠳᠡᠰᠢᠨ ᠨᠣᠭᠤᠭ᠎ᠠ ᠮᠢᠬ᠎ᠠ ᠣᠷᠣᠭᠤᠯᠬᠤ ᠪᠣᠭᠤᠮᠲᠠ᠂ ᠡᠳ᠋ᠰᠢᠭᠦᠯᠦᠨ ᠦᠶᠯᠡᠳᠬᠦ ᠪᠣᠭᠤᠮᠲᠠ᠂ ᠠᠷᠢᠭᠤᠳᠬᠠᠨ ᠥᠯᠢᠭᠡᠷ ᠡᠳ᠋ ᠦᠯᠡᠳᠡᠭᠡᠬᠦ ᠪᠣᠭᠤᠮᠲᠠ ᠶᠢ ᠴᠢᠩᠭ᠎ᠠ ᠠᠳᠬᠤᠨ᠂ ᠬᠤᠭᠤᠯᠠ ᠬᠠᠩᠭᠠᠬᠤ  ᠨᠢᠭᠡᠴᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃    ᠫᠧᠩ ᠰᠢᠶᠣᠣ ᠵᠢᠤᠸᠠᠨ᠂ ᠬᠤᠭᠤᠯᠠ ᠬᠠᠩᠭᠠᠬᠤ ᠨᠢᠭᠡᠴᠢ ᠡᠷᠬᠡᠪᠰᠢ ᠢᠳᠡᠭᠡᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠪᠠᠷ ᠥᠷᠨᠢᠭᠦᠯᠥᠨ᠂ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠣᠷᠣᠭᠤᠯᠤᠯᠲᠠ ᠶᠢ  ᠪᠠᠶᠢᠴᠠᠭᠠᠬᠤ ᠪᠠ ᠪᠦᠲᠦᠭᠡᠭᠳᠡᠬᠦᠨ ᠤ ᠮᠥᠷᠳᠡᠯᠲᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠳᠦᠷ ᠪᠦᠷᠢ ᠶᠢᠨ ᠲᠠᠯᠠᠪᠤᠷ ᠤᠨ ᠣᠷᠴᠢᠨ ᠲᠣᠭᠤᠷᠢᠨ ᠢ ᠠᠷᠢᠭᠤᠳᠬᠠᠬᠤ ᠪᠠ ᠠᠵᠢᠯᠯᠠᠵᠤ ᠪᠠᠶᠢᠭ᠎ᠠ ᠬᠥᠮᠥᠰ ᠤᠨ ᠪᠥᠭᠡᠮ ᠬᠦᠴᠢᠯ ᠤᠨ  ᠪᠠᠶᠢᠴᠠᠭᠠᠯᠲᠠ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠲᠤᠰᠠᠭᠠᠷᠯᠠᠬᠤ ᠲᠠᠯᠠᠪᠤᠷ ᠤᠨ ᠨᠣᠭᠤᠭᠠᠨ ᠤ ᠵᠢᠭᠰᠠᠭᠠᠯᠲᠠ ᠶᠢᠨ ᠰᠢᠮ᠎ᠡ ᠲᠡᠵᠢᠭᠡᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ   ᠲᠣᠬᠢᠷᠠᠭᠤᠯᠵᠤ ᠂ ᠬᠡᠮᠵᠢᠶ᠎ᠡ ᠪᠣᠯᠣᠨ ᠴᠢᠨᠠᠷ ᠢ ᠪᠠᠲᠤᠯᠠᠵᠤ ᠂ ᠴᠠᠭ ᠲᠤᠬᠠᠢ ᠳᠤ ᠨᠢ ᠬᠠᠩᠭᠠᠬᠤ ᠶᠢ ᠪᠡᠶᠡᠯᠡᠭᠦᠯᠥᠨ᠂ ᠥᠯᠥ ᠬᠥᠷᠥᠯᠴᠡᠬᠦ ᠬᠡᠯᠪᠡᠷᠢ ᠪᠠᠷ ᠲᠣᠬᠢᠷᠠᠭᠤᠯᠤᠨ ᠬᠦᠷᠭᠡᠬᠦ ᠶᠢ ᠬᠡᠷᠡᠭᠵᠢᠭᠦᠯᠵᠥ ᠂ ᠲᠤᠰᠠᠭᠠᠷᠯᠠᠭᠰᠠᠳ ᠢ ᠥᠨᠡᠨ ᠬᠦ ᠰᠠᠨᠠᠭ᠎ᠠ ᠠᠮᠤᠷ ᠡᠷᠡᠭᠦᠯ ᠴᠢᠭᠢᠷᠠᠭ ᠢᠳᠡᠭᠦᠯᠵᠦ ᠤᠤᠭᠤᠯᠭᠠᠨ ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠤᠰᠠᠭᠠᠷᠯᠠᠬᠤ ᠲᠠᠯᠠᠪᠤᠷ ᠤᠨ ᠬᠤᠭᠤᠯᠠᠨ ᠤ ᠬᠠᠩᠭᠠᠯᠭ᠎ᠠ ᠶᠢᠨ ᠠᠮᠤᠷ ᠲᠦᠪᠰᠢᠨ ᠢ ᠥᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1