ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯ ᠤᠨ ᠨᠡᠭᠦᠷᠡᠰᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ ᠸᠠᠩ ᠯᠢ ᠰᠢᠶᠠ ᠬᠤᠷᠠᠯ ᠢ ᠡᠷᠭᠢᠯᠡᠵᠡᠶ
ᠨᠡᠶᠢᠲᠡᠯᠡᠭᠰᠡᠨ ᠴᠠᠭ᠄
2022/11/7
    10 ᠰᠠᠷ᠎ᠠ ᠶᠢᠨ 31᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠪᠦᠭᠦ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︽ᠬᠠᠭᠠᠰ ᠳᠤᠲᠠᠭᠤ ᠤᠷᠭᠢᠬᠰᠠᠨ︾ ᠪᠠᠷᠢᠯᠭ᠎ᠠ ᠶᠢ ᠲᠥᠷᠥᠯ ᠬᠤᠪᠢᠶᠠᠨ ᠰᠢᠢᠳᠪᠦᠷᠢᠯᠡᠬᠦ ᠵᠢᠯᠤᠭᠤᠳᠬᠤ ᠰᠠᠨᠠᠯ ᠢ ᠰᠤᠳᠤᠯᠵᠤ᠂ ᠪᠦᠭᠦ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠡᠨᠡ ᠵᠢᠯ ᠤᠨ ᠡᠴᠦᠰ ᠪᠤᠯᠲᠠᠯ᠎ᠠ ᠪᠦᠭᠦᠨ ᠢ ᠰᠢᠢᠳᠪᠦᠷᠢᠯᠡᠬᠦ᠂ ︽ᠬᠠᠭᠠᠰ ᠳᠤᠲᠠᠭᠤ ᠤᠷᠭᠢᠬᠰᠠᠨ︾ ᠪᠠᠷᠢᠯᠭ᠎ᠠ ᠶᠢ ᠢᠷᠡᠬᠦ ᠵᠢᠯ ᠤᠨ ᠡᠴᠦᠰ ᠪᠤᠯᠲᠠᠯ᠎ᠠ ᠪᠦᠭᠦᠨ ᠢ ᠰᠢᠢᠳᠪᠦᠷᠢᠯᠡᠬᠦ ᠬᠠᠷᠠᠯᠲᠠ ᠶᠣᠰᠣᠭᠠᠷ᠂ ᠠᠰᠠᠭᠤᠳᠠᠯ ᠲᠠᠢ ᠲᠥᠷᠥᠯ ᠵᠦᠢᠯ᠂ ᠠᠰᠠᠭᠤᠳᠠᠯ ᠲᠠᠢ ᠪᠠᠷᠢᠯᠭ᠎ᠠ ᠶᠢᠨ ᠪᠣᠳᠠᠲᠠᠢ ᠰᠢᠯᠲᠠᠭᠠᠨ ᠳᠤ ᠴᠢᠭᠯᠡᠭᠦᠯᠦᠨ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠭᠠᠷ ᠭᠦᠢᠴᠡᠳᠬᠡᠯ ᠭᠦᠢᠴᠡᠳᠬᠡᠬᠦ᠂ ᠪᠠᠷᠢᠯᠭ᠎ᠠ ᠶᠢ ᠰᠢᠢᠳᠪᠦᠷᠢᠯᠡᠬᠦ ᠠᠷᠭ᠎ᠠ ᠮᠠᠶ᠋ᠢᠭ ᠪᠠ ᠪᠠᠷᠢᠮᠵᠢᠶ᠎ᠠ ᠶᠢ ᠲᠦᠷᠦᠯ ᠬᠤᠪᠢᠶᠠᠨ ᠲᠣᠳᠣᠷᠬᠠᠶᠢᠯᠠᠵᠤ᠂ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠨᠢᠭᠡ ᠪᠦᠯᠦᠭ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠡᠳ᠋ ᠬᠥᠷᠥᠩᠭᠡ ᠶᠢ ᠱᠠᠯᠠᠪᠳᠠᠭᠤᠯᠤᠨ ᠠᠮᠢᠯᠠᠭᠤᠯᠬᠤ ᠬᠡᠷᠡᠭᠲᠡᠢ᠃ ︽ᠡᠪᠦᠯ ᠤᠨ ᠰᠡᠯᠡᠭᠦᠦ ᠪᠠᠶᠢᠳᠠᠯ︾᠎ ᠢ ︽ᠡᠪᠦᠯ ᠤᠨ ᠶᠠᠭᠠᠷᠠᠤ ᠪᠠᠶᠢᠳᠠᠯ︾ ᠪᠣᠯᠭᠠᠨ ᠬᠤᠪᠢᠷᠠᠭᠤᠯᠵᠤ᠂ ᠱᠠᠯᠠᠪᠳᠠᠨ ᠬᠢᠵᠦ᠂ ᠠᠬᠢᠴᠠ ᠪᠠᠨ ᠲᠦᠷᠭᠡᠳᠬᠡᠵᠦ᠂ ᠶᠠᠰᠤ ᠴᠢᠨᠠᠷ ᠦᠷ᠎ᠡ ᠪᠦᠲᠦᠮᠵᠢ ᠶᠢ ᠴᠢᠩᠭ᠎ᠠ ᠠᠳᠬᠤᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠲᠦᠷᠭᠡᠨ ᠦᠷ᠎ᠡ ᠪᠦᠲᠦᠮᠵᠢ ᠣᠯᠵᠤ᠂ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠪᠤᠯᠭᠠᠵᠤ ᠬᠤᠪᠢᠷᠠᠭᠤᠯᠵᠤ ᠬᠤᠷᠢᠶᠠᠭᠰᠠᠨ ᠵᠡᠷᠭᠡ ᠠᠷᠭ᠎ᠠ ᠭᠡᠯᠪᠡᠷᠢ ᠪᠠᠷ ᠬᠤᠷᠢᠶᠠᠨ ᠠᠪᠤᠭᠰᠠᠨ ᠳ᠋ᠠ ᠬᠠᠢ ᠮᠢᠶᠣᠣ᠂ ᠴᠠ ᠬᠠ ᠰᠦ᠋᠂ ᠪᠠᠢ ᠵᠢᠶᠠ ᠬᠠᠢ ᠽᠢ ᠠᠭᠤᠷᠬᠠᠢ ᠶᠢᠨ ᠳᠣᠲᠣᠷᠠᠬᠢ 37.56 ᠳ᠋ᠦᠩᠰᠢᠭᠤᠷ ᠲᠣᠨ ᠨᠡᠭᠦᠷᠡᠰᠦᠨ ᠤ ᠡᠬᠢ ᠪᠠᠶᠠᠯᠢᠭ ᠢ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠺᠤᠮᠫᠠᠨᠢ ᠠᠴᠠ ᠡᠵᠡᠮᠳᠡᠬᠦ ᠬᠠᠷᠠᠭᠠᠯᠵᠠᠭᠰᠠᠨ ᠰᠲ᠋ᠣᠺ ᠤᠨ ᠡᠷᠬᠡ ᠪᠤᠯᠭᠠᠨ᠎ᠠ︔ ᠬᠠᠢ ᠽᠢ ᠲᠠ ᠠᠭᠤᠷᠬᠠᠢ ᠶᠢᠨ ᠦᠯᠡᠳᠡᠵᠦ ᠪᠠᠶᠢᠭ᠎ᠠ 2.95 ᠳ᠋ᠦᠩᠰᠢᠭᠤᠷ ᠲᠣᠨ ᠨᠡᠭᠦᠷᠡᠰᠦᠨ ᠤ ᠡᠬᠢ ᠪᠠᠶᠠᠯᠢᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠪᠦᠯᠦᠭᠯᠡᠯ ᠬᠢᠵᠠᠭᠠᠷᠲᠤ ᠺᠤᠮᠫᠠᠨᠢ ᠠᠴᠠ ᠡᠵᠡᠮᠳᠡᠬᠦ ᠬᠠᠷᠠᠭᠠᠯᠵᠠᠭᠰᠠᠨ ᠰᠲ᠋ᠣᠺ ᠤᠨ ᠡᠷᠬᠡ ᠪᠤᠯᠭᠠᠵᠤ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠵᠡᠢ᠃    ᠬᠤᠷᠠᠯ ᠠᠴᠠ ᠪᠠᠰᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠬᠡᠮᠵᠢᠯᠲᠡ ᠶᠢᠨ ᠬᠥᠭᠵᠢᠯᠲᠡ ᠵᠡᠷᠭᠡ ᠲᠥᠯᠦᠪᠵᠢᠭᠦᠯᠭᠡ ᠶᠢᠨ ᠲᠥᠰᠥᠯ ᠪᠣᠯᠣᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠥᠯ ᠢ ᠰᠤᠳᠤᠯᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1