ᠣᠶᠢᠷ᠎ᠠ ᠳᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ | ᠠᠩᠬᠠᠳᠠᠭᠴᠢ ᠪᠦᠯᠦᠭ ᠨᠡᠶᠢᠭᠡᠮ ᠤᠨ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠬᠦᠴᠢᠷ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠮᠠᠨ ᠤ | ᠣᠷᠣᠨ ᠤ ᠬᠤᠶᠠᠷ ᠬᠡᠷᠡᠭ ᠤᠨ ᠵᠢᠱᠢᠶ᠎ᠡ ᠰᠣᠩᠭᠤᠭᠳᠠᠵᠤ᠂ ᠲᠡᠷᠡ ᠨᠢ ᠲᠣᠰ ᠲᠣᠰ ᠪᠡᠭᠡᠵᠢᠩ ᠥᠪᠥᠷ ᠮᠣᠩᠭᠤᠯ ᠤᠨ | ᠭᠠᠷ ᠬᠤᠯᠪᠣᠯᠴᠠᠨ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠ ᠢᠯᠢ ᠪᠦᠯᠦᠭᠯᠡᠯ ᠤᠨ ︽ | ᠲᠤᠯᠤᠭᠠᠨ ᠬᠤᠯᠪᠣᠭᠠᠯᠠᠯ︾ ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠯ ᠶᠢ | ᠠᠬᠢᠭᠤᠯᠤᠭᠰᠠᠨ ᠬᠤᠶᠠᠷ ᠵᠢᠱᠢᠶ᠎ᠡ ᠪᠣᠯᠣᠨ᠎ᠠ᠃ | ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠡᠭᠡᠵᠢᠩ ᠥᠪᠥᠷ ᠮᠣᠩᠭᠤᠯ | ᠬᠤᠶᠠᠷ ᠭᠠᠵᠠᠷ ᠬᠠᠮᠲᠤᠷᠠᠨ ︽ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ | ᠡᠳ᠋ᠰᠢᠭᠦᠯᠬᠦ ᠰᠠᠭᠤᠷᠢᠨ ᠭᠠᠵᠠᠷ︾ ᠪᠠ ︽ᠴᠡᠪᠡᠷ ᠡᠨᠧᠷᠭᠢ ᠶᠢᠨ ᠰᠠᠭᠤᠷᠢᠨ ᠭᠠᠵᠠᠷ︾ ᠢ ᠪᠠᠶᠢᠭᠤᠯᠵᠤ᠂ ᠥᠪᠥᠷ | ᠮᠣᠩᠭᠤᠯ ᠤᠨ ᠦᠬᠡᠷ ᠬᠤᠨᠢᠨ ᠮᠢᠬ᠎ᠠ᠂ ᠴᠠᠬᠢᠯᠭᠠᠨ ᠬᠦᠴᠦ ᠵᠡᠷᠭᠡ ᠶᠢ ᠬᠠᠪᠰᠤᠷᠤᠨ ᠪᠡᠭᠡᠵᠢᠩ ᠤᠨ ᠵᠠᠬ᠎ᠠ | ᠳᠡᠯᠭᠡᠭᠦᠷ ᠲᠤ ᠣᠷᠣᠭᠤᠯᠤᠭᠰᠠᠨ ᠪᠠᠶᠢᠨ᠎ᠠ᠃ ᠡᠭᠦᠨ ᠳᠤ ᠨᠡᠶᠢᠲᠡ 89 ᠵᠢᠮᠢᠰ ᠢᠳᠡᠰᠢᠨ ᠨᠣᠭᠤᠭ᠎ᠠ ᠠᠮᠤ ᠲᠣᠰᠣᠨ ᠤ | ᠲᠠᠷᠢᠮᠠᠯ ᠤᠨ ᠰᠠᠭᠤᠷᠢᠨ ᠭᠠᠵᠠᠷ᠂ 44 ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ 25 | ᠮᠢᠬ᠎ᠠ ᠰᠦ ᠠᠮᠤ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠰᠢᠯᠢ ᠶᠢᠨ ᠭᠤᠣᠯ ᠤᠨ ᠬᠤᠨᠢᠨ ᠮᠢᠬ᠎ᠠ᠂ | ᠤᠯᠠᠭᠠᠨᠬᠠᠳᠠ ᠶᠢᠨ ᠠᠮᠤ᠂ ᠬᠢᠩᠭᠠᠨ ᠠᠶᠢᠮᠠᠭ ᠤᠨ ᠲᠤᠲᠤᠷᠭ᠎ᠠ ᠵᠡᠷᠭᠡ ᠣᠯᠠᠨ ᠣᠯᠠᠨ ᠨᠠᠷᠠᠲᠤ ᠰᠢᠯᠢᠳᠡᠭ ᠲᠥᠷᠥᠯ | ᠲᠡᠮᠳᠡᠭᠲᠦ ᠶᠢ ᠬᠠᠪᠰᠤᠷᠤᠨ ᠪᠣᠶ ᠪᠣᠯᠭᠠᠵᠤ᠂ 2021 ᠣᠨ ᠳᠤ ᠪᠡᠭᠡᠵᠢᠩ ᠬᠤᠲᠠ ᠶᠢᠨ ᠬᠤᠳᠠᠯᠳᠤᠨ ᠠᠪᠤᠭᠰᠠᠨ ᠪᠠ | ᠪᠣᠷᠣᠯᠠᠭᠤᠯᠤᠭᠰᠠᠨ ᠥᠪᠥᠷ ᠮᠣᠩᠭᠤᠯ ᠤᠨ ᠲᠠᠷᠢᠶᠠᠯᠠᠩ ᠠᠵᠤ ᠠᠬᠤᠢ ᠶᠢᠨ ᠪᠦᠲᠦᠭᠡᠭᠳᠡᠬᠦᠨ 101 ᠳ᠋ᠦᠩᠰᠢᠭᠤᠷ | ᠲᠥᠭᠦᠷᠢᠭ ᠢ ᠳᠠᠪᠠᠪᠠ᠃ ᠪᠡᠭᠡᠵᠢᠩ ᠤᠨ ᠨᠢᠭᠡ ᠪᠦᠯᠦᠭ ᠲᠣᠮᠣ ᠬᠡᠯᠪᠡᠷᠢ ᠶᠢᠨ ᠡᠨᠧᠷᠭᠢ ᠶᠢᠨ ᠠᠵᠤ ᠠᠬᠤᠶᠢᠯᠠᠯ ᠨᠢ | ᠥᠪᠥᠷ ᠮᠣᠩᠭᠤᠯ ᠳᠤ ᠰᠠᠭᠤᠷᠢᠰᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1500 ᠳ᠋ᠦᠩᠰᠢᠭᠤᠷ ᠲᠥᠭᠦᠷᠢᠭ ᠢ | ᠳᠠᠪᠠᠵᠤ᠂ ᠵᠢᠯ ᠤᠨ ᠶᠡᠷᠦᠩᠬᠡᠢ ᠴᠠᠬᠢᠯᠭᠠᠨ ᠭᠠᠷᠭᠠᠬᠤ ᠬᠡᠮᠵᠢᠶ᠎ᠡ ᠨᠢ 7600 ᠲᠦᠮᠡᠨ ᠺᠢᠯᠣᠸᠠᠲ ᠲᠤ ᠬᠦᠷᠴᠦ᠂ | ᠪᠡᠭᠡᠵᠢᠩ ᠬᠤᠳᠠ ᠶᠢᠨ 40% ᠠᠴᠠ ᠳᠡᠭᠡᠭᠰᠢᠬᠢ ᠴᠠᠬᠢᠯᠭᠠᠨ ᠬᠦᠴᠦᠨ ᠤ ᠬᠡᠷᠡᠭᠴᠡᠭᠡ ᠶᠢ ᠪᠠᠲᠤᠯᠠᠵᠤ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠡᠢ᠃ | ᠢᠯᠢ ᠪᠦᠯᠦᠭᠯᠡᠯ ᠠᠴᠠ ᠪᠦᠬᠦ ᠤᠯᠤᠰ ᠤᠨ ᠣᠯᠠᠨ ᠭᠠᠵᠠᠷ ᠲᠤ ᠪᠡᠯᠡ ᠣᠷᠣᠭᠤᠯᠤᠨ ᠣᠳᠣᠬᠢᠴᠢᠯᠠᠭᠰᠠᠨ | ᠰᠦ ᠶᠢᠨ ᠠᠵᠤ ᠦᠢᠯᠡᠰ ᠤᠨ ᠰᠦᠷᠦᠭᠵᠢᠯ ᠢ ᠪᠠᠶᠢᠭᠤᠯᠵᠤ᠂ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡ᠂ | ᠠᠶᠤᠯ ᠲᠦᠭᠰᠢᠭᠦᠷᠢ᠂ ᠴᠢᠨᠠᠷ ᠰᠠᠶᠢᠲᠠᠢ ᠪᠥᠭᠡᠳ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠤᠭ᠎ᠠ᠂ | ᠰᠠᠭᠠᠯᠢ ᠶᠢᠨ ᠦᠨᠢᠶ᠎ᠡ ᠶᠢᠨ ᠶᠠᠰᠤ ᠴᠢᠨᠠᠷ ᠢ ᠲᠡᠰ ᠳᠡᠪᠰᠢᠭᠦᠯᠬᠦ᠂ ᠪᠦᠬᠦ ᠲᠠᠯ᠎ᠠ ᠪᠠᠷ ᠵᠣᠬᠢᠴᠠᠭᠤᠯᠤᠨ ᠦᠢᠯᠡᠴᠢᠯᠡᠬᠦ ︽ | ᠳᠣᠯᠣᠭᠠᠨ ᠬᠤᠯᠪᠣᠭᠠᠯᠠᠯ︾ ᠶᠢ ᠪᠠᠶᠢᠭᠤᠯᠤᠨ ᠠᠬᠢᠭᠤᠯᠵᠤ᠂ ᠮᠠᠯᠴᠢᠨ ᠲᠠᠷᠢᠶᠠᠴᠢᠨ ᠯᠤᠭ᠎ᠠ ᠠᠰᠢᠭ ᠲᠤᠰᠠ ᠶᠢ | ᠬᠠᠮᠲᠤ ᠪᠠᠷ ᠬᠦᠷᠲᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠬᠠᠮᠲᠤ ᠶᠢᠨ ᠴᠣᠭᠴᠠ ᠶᠢ ᠪᠠᠶᠢᠭᠤᠯᠵᠤ᠂ | ᠠᠵᠤ ᠦᠢᠯᠡᠰ ᠤᠨ ᠬᠡᠯᠬᠢᠶ᠎ᠡ ᠪᠠᠷ ᠴᠢᠳᠠᠪᠤᠷᠢ ᠣᠯᠭᠤᠬᠤ ᠪᠠ ᠬᠥᠳᠡᠭᠡ ᠲᠣᠰᠬᠤᠨ ᠤ ᠴᠢᠳᠠᠪᠤᠷᠢᠲᠠᠨ ᠢ | ᠬᠥᠮᠥᠵᠢᠭᠦᠯᠬᠦ ᠪᠠᠷ ᠳᠠᠮᠵᠢᠨ ᠮᠠᠯᠴᠢᠨ ᠲᠠᠷᠢᠶᠠᠴᠢᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ | 2014 ᠣᠨ ᠠᠴᠠ ᠣᠲᠣ ᠪᠣᠯᠲᠠᠯ᠎ᠠ᠂ ᠰᠠᠭᠠᠯᠢ ᠶᠢᠨ ᠮᠥᠩᠭᠦ ᠪᠠᠷᠤᠭ 1450 ᠳ᠋ᠦᠩᠰᠢᠭᠤᠷ ᠲᠥᠭᠦᠷᠢᠭ | ᠲᠠᠷᠬᠠᠭᠠᠵᠤ᠂ ᠬᠤᠷᠰᠢᠭᠰᠠᠨ ᠮᠠᠯᠵᠢᠯ ᠤᠨ ᠲᠠᠯᠠᠪᠠᠶ ᠶᠢ ᠬᠠᠪᠰᠤᠷᠤᠨ 85 ᠳ᠋ᠦᠩᠰᠢᠭᠤᠷ ᠲᠥᠭᠦᠷᠢᠭ ᠤᠨ ᠣᠷᠣᠯᠭ᠎ᠠ | ᠨᠡᠮᠡᠭᠳᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠢ | 466 ᠲᠠᠯᠠᠪᠤᠷ ᠤᠳᠠᠭ᠎ᠠ ᠥᠷᠨᠢᠭᠦᠯᠵᠦ᠂ 21.1 ᠲᠦᠮᠡᠨ ᠬᠥᠮᠥᠨ ᠢ ᠪᠣᠯᠪᠠᠰᠤᠷᠠᠭᠤᠯᠵᠤ᠂ ︽ᠮᠡᠷᠭᠡᠵᠢᠯ ᠤᠨ | ᠬᠡᠯᠪᠡᠷᠢ︾᠂ ︽ᠬᠠᠮᠢᠶᠠᠷᠤᠯᠲᠠ ᠶᠢᠨ ᠬᠡᠯᠪᠡᠷᠢ︾ ᠶᠢᠨ ᠮᠠᠯ ᠠᠵᠤ ᠠᠬᠤᠢ ᠶᠢᠨ ᠰᠢᠯᠢᠳᠡᠭ ᠴᠢᠳᠠᠪᠤᠷᠢᠲᠠᠨ ᠢ 3000 | ᠭᠠᠷᠤᠢ ᠬᠥᠮᠥᠵᠢᠭᠦᠯᠵᠡᠢ᠃ | ᠣᠶᠢᠯᠠᠭᠠᠭᠰᠠᠨ ᠢᠶᠠᠷ᠂ ᠨᠡᠶᠢᠲᠡᠯᠢᠭ ᠬᠡᠷᠡᠭ ᠤᠨ ᠵᠢᠱᠢᠶ᠎ᠡ ᠶᠢ ᠡᠯᠰᠡᠬᠦ ᠠᠵᠢᠯ ᠨᠢ ᠥᠪᠡᠷ ᠢ ᠪᠠᠨ ᠲᠠᠨᠢᠯᠴᠠᠭᠤᠯᠤᠨ | ᠮᠡᠳᠡᠭᠦᠯᠬᠦ᠂ ᠬᠡᠷᠡᠭ ᠤᠨ ᠵᠢᠱᠢᠶ᠎ᠡ ᠶᠢ ᠠᠩᠬ᠎ᠠ ᠠᠯᠬᠤᠮ ᠰᠣᠩᠭᠤᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ | ᠲᠣᠭᠲᠠᠭᠠᠯᠭᠠᠬᠤ᠂ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠪᠠᠷ ᠳᠠᠮᠵᠢᠭᠤᠯᠤᠨ᠂ | ᠨᠢᠭᠡᠳᠦᠭᠡᠷ ᠪᠦᠯᠦᠭ ᠤᠨ ᠰᠢᠨ᠎ᠡ ᠶᠢ ᠡᠭᠦᠳᠬᠦ ᠴᠢᠨᠠᠷᠲᠠᠢ᠂ ᠲᠥᠯᠥᠭᠡᠯᠡᠬᠦ ᠴᠢᠨᠠᠷᠲᠠᠢ ᠪᠠ ᠳᠡᠯᠭᠡᠷᠡᠭᠦᠯᠬᠦ ᠴᠢᠨᠠᠷᠲᠠᠢ 36 | ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠭᠠᠷᠭᠠᠵᠤ᠂ ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ᠂ | ᠲᠥᠪ ᠤᠨ ᠨᠢᠭᠡᠴᠢ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ ᠢ ᠬᠠᠮᠤᠷᠴᠤ᠂ ᠰᠢᠨ᠎ᠡ ᠱᠠᠲᠤᠨ ᠳᠠᠬᠢ ᠮᠠᠨ ᠤ | ᠤᠯᠤᠰ ᠤᠨ ᠨᠡᠶᠢᠭᠡᠮ ᠤᠨ ᠬᠠᠪᠰᠤᠷᠤᠨ ᠲᠡᠳᠬᠦᠬᠦ ᠠᠵᠢᠯ ᠤᠨ ᠦᠢᠯᠡᠳᠦᠯᠭᠡ ᠶᠢᠨ ᠦᠷ᠎ᠡ ᠪᠦᠲᠦᠭᠡᠯ ᠪᠠ ᠨᠡᠶᠢᠲᠡᠯᠢᠭ | ᠠᠷᠭ᠎ᠠ ᠬᠢᠳᠡᠯ ᠢ ᠢᠯᠡᠷᠡᠭᠦᠯᠪᠡ᠃ | |