ᠥᠪᠥᠷ ᠮᠣᠩᠭᠤᠯ ᠤᠨ ᠵᠠᠮ ᠬᠠᠷᠢᠯᠴᠠᠭᠠᠨ ᠤ ᠬᠢᠨ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ 26 ᠵᠦᠢᠯ ᠤᠨ ᠡᠭᠦᠷᠭᠡ ᠶᠢ ᠠᠬᠢᠭᠤᠯᠪᠠ
ᠨᠡᠶᠢᠲᠡᠯᠡᠭᠰᠡᠨ ᠴᠠᠭ᠄
2022/11/7
    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰ ᠳᠡᠪᠰᠢᠭᠦᠯᠬᠦ ᠭᠤᠣᠯᠳᠠᠯᠭ᠎ᠠ ᠲᠠᠢ ᠡᠭᠦᠷᠭᠡ ᠶᠢᠨ ᠡᠬᠡ ᠲᠠᠩᠰᠠ︾᠎ ᠶᠢ ᠲᠣᠭᠲᠠᠭᠠᠵᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ 26 ᠵᠦᠢᠯ ᠤᠨ ᠡᠭᠦᠷᠭᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠪᠠ᠃    ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠪᠥᠬᠦ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠦᠢᠯ ᠤᠨ ᠨᠠᠷᠢᠨ ᠬᠠᠭᠤᠳᠠᠰᠤ ︵2022 ᠣᠨ ᠤ ᠬᠡᠪᠯᠡᠯ︶᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾᠎ ᠢ ᠨᠠᠶᠢᠷᠠᠭᠤᠯᠤᠨ ᠵᠣᠬᠢᠶᠠᠵᠤ᠂ 7 ᠵᠦᠢᠯ ᠤᠨ ᠲᠠᠰ ᠳᠠᠪᠬᠤᠷᠭ᠎ᠠ ᠳᠤ ᠲᠣᠬᠢᠷᠠᠭᠤᠯᠤᠯᠲᠠ ᠬᠢᠵᠦ᠂ 4 ᠵᠦᠢᠯ ᠤᠨ ᠡᠷᠬᠡ ᠶᠢᠨ ᠲᠥᠷᠥᠯ ᠢᠯᠭᠠᠯ ᠳᠤ ᠲᠣᠬᠢᠷᠠᠭᠤᠯᠤᠯᠲᠠ ᠬᠢᠵᠦ᠂ 1 ᠵᠦᠢᠯ ᠢ ᠬᠦᠴᠦᠨ ᠦᠭᠡᠢ ᠪᠣᠯᠭᠠᠵᠤ᠂ 7 ᠵᠦᠢᠯ ᠢ ᠨᠡᠶᠢᠳᠬᠡᠪᠡ︔ ︽ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠭᠤᠷᠪᠠᠨ ᠱᠠᠲᠤᠨ ᠤ ᠭᠤᠶᠤᠴᠢᠯᠠᠯ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠦ ᠵᠦᠢᠯᠡᠰ ᠤᠨ ᠠᠵᠢᠯ ᠶᠠᠪᠤᠳᠠᠯ ᠭᠦᠢᠴᠡᠳᠬᠡᠬᠦ ᠵᠢᠯᠣᠭᠤᠳᠤᠮᠵᠢ︾᠎ ᠳᠤ 154 ᠵᠦᠢᠯ ᠢ ᠪᠠᠭᠲᠠᠭᠠᠵᠤ᠂ ᠡᠯ᠎ᠡ ᠡᠷᠬᠡᠲᠦ ᠲᠥᠷᠥᠯ ᠵᠦᠢᠯ ᠤᠨ ᠨᠡᠷᠡᠶᠢᠳᠦᠯ᠂ ᠲᠣᠭᠲᠠᠭᠠᠭᠰᠠᠨ ᠦᠨᠳᠦᠰᠦᠯᠡᠯ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠵᠢᠷᠤᠭ᠂ ᠬᠢᠨᠠᠨ ᠵᠥᠪᠰᠢᠶᠡᠷᠡᠬᠦ ᠳᠠᠪᠬᠤᠷᠭ᠎ᠠ ᠱᠠᠲᠤ᠂ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠵᠡᠷᠭᠡ ᠶᠢ ᠵᠢᠷᠤᠮᠵᠢᠭᠤᠯᠤᠨ᠂ ᠠᠳᠠᠯᠢ ᠨᠢᠭᠡᠨ ᠲᠥᠷᠥᠯ ᠵᠦᠢᠯ ᠢ ᠪᠥᠬᠦ ᠣᠷᠣᠨ ᠤ ᠬᠡᠪᠴᠢᠶᠡᠨ ᠳᠤ ᠠᠳᠠᠯᠢ ᠪᠠᠷᠢᠮᠵᠢᠶ᠎ᠠ ᠪᠠᠷ ᠭᠥᠯᠢᠶᠡᠨ ᠠᠪᠴᠤ ᠰᠢᠢᠳᠪᠦᠷᠢᠯᠡᠬᠦ᠂ ᠵᠥᠷᠢᠶ᠎ᠡ ᠦᠭᠡᠢ ᠪᠠᠷ ᠭᠦᠢᠴᠡᠳᠬᠡᠬᠦ ᠶᠢ ᠪᠡᠶᠡᠯᠡᠭᠦᠯᠬᠦ ᠶᠢ ᠠᠬᠢᠭᠤᠯᠪᠠ︔ ︽ᠲᠣᠮᠢᠯᠠᠨ ᠰᠠᠭᠤᠯᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠤ ᠬᠠᠮᠢᠶᠠᠷᠤᠯᠲᠠ ᠶᠢᠨ ᠳᠦᠷᠢᠮ︾ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠴᠤᠪᠤᠷᠠᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾᠎ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠢᠷᠤᠮᠵᠢᠭᠤᠯᠬᠤ ᠲᠠᠯ᠎ᠠ ᠪᠠᠷ᠂ ᠡᠨᠡ ᠵᠢᠯ ᠤᠨ ᠡᠬᠢᠨ ᠲᠠᠢ ᠬᠠᠷᠢᠴᠠᠭᠤᠯᠪᠠᠯ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠣᠰ ᠱᠠᠲᠤᠨ ᠤ 90 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠦᠬᠦᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠᠲᠤ ᠲᠢᠩᠬᠢᠮ ᠳᠤ ᠰᠠᠭᠤᠯᠭᠠᠵᠤ᠂ ᠶᠡᠷᠦᠩᠬᠡᠶᠢᠯᠡᠭᠰᠡᠨ ᠴᠣᠩᠬᠤᠪᠴᠢ ᠳᠤ ᠡᠷᠬᠡ ᠣᠯᠭᠤᠬᠤ ᠬᠠᠷᠢᠴᠠᠯ ᠢ 85.5% ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠵᠦ᠂ ᠡᠷᠬᠡ ᠣᠯᠭᠤᠭᠰᠠᠨ ᠲᠦᠷᠦᠭᠦᠤ ᠲᠥᠯᠥᠭᠡᠯᠡᠭᠴᠢ ᠶᠢᠨ ᠵᠦᠢᠯᠡᠰ ᠤᠨ ᠬᠠᠷᠢᠴᠠᠯ ᠢ 9% ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠠᠰᠤᠨ ᠪᠠᠭᠠᠰᠬᠠᠬᠤ ᠬᠠᠷᠢᠴᠠᠯ ᠢ 53% ᠪᠠᠶᠢᠭᠰᠠᠨ ᠠᠴᠠ 97.8% ᠪᠣᠯᠭᠠᠨ ᠳᠡᠭᠡᠭᠰᠢᠯᠡᠭᠦᠯᠪᠡ︔ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ 26 ᠵᠦᠢᠯ ᠤᠨ ᠵᠥᠪᠰᠢᠶᠡᠷᠡᠯ ᠤᠨ ᠵᠦᠢᠯᠡᠰ ᠲᠤ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠡᠶᠡᠯᠡᠭᠦᠯᠵᠦ᠂ 8 ᠵᠦᠢᠯ ᠤᠨ ᠡᠯᠧᠺᠳ᠋ᠷᠣᠨ ᠦᠨᠡᠮᠯᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ ᠵᠣᠯᠭᠠᠭᠤᠯᠬᠤ ᠶᠢ ᠪᠡᠶᠡᠯᠡᠭᠦᠯᠪᠡ︔ ᠬᠠᠶᠢᠨ ᠰᠢᠯᠭᠠᠬᠤ᠂ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠤᠨ ᠨᠠᠷᠢᠨ ᠬᠠᠭᠤᠳᠠᠰᠤ ᠶᠢ ᠪᠠᠶᠢᠭᠤᠯᠬᠤ ᠶᠢ ᠠᠬᠢᠭᠤᠯᠵᠤ᠂ ᠪᠡᠶᠡᠯᠡᠭᠦᠯᠬᠦ ᠪᠠᠷᠢᠮᠵᠢᠶ᠎ᠠ᠂ ᠴᠠᠭ ᠤᠨ ᠬᠢᠵᠠᠭᠠᠷ ᠢ ᠲᠣᠳᠣᠷᠬᠠᠶᠢᠯᠠᠨ᠂ ᠭᠤᠷᠪᠠᠳᠠᠭᠴᠢ ᠡᠲᠡᠭᠡᠳ ᠤᠨ ᠪᠠᠶᠢᠭᠤᠯᠤᠮᠵᠢ ᠪᠤᠶᠤ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠦᠢᠯᠡᠴᠢᠯᠡᠭᠡ ᠬᠠᠩᠭᠠᠬᠤ᠂ ᠰᠠᠨᠠᠯ ᠬᠤᠷᠢᠶᠠᠬᠤ ᠦᠶ᠋ᠯᠡ ᠠᠵᠢᠯᠯᠠᠭ᠎ᠠ ᠶᠢ ᠠᠯᠬᠤᠮ ᠠᠯᠬᠤᠮ ᠢᠶᠠᠷ ᠵᠢᠷᠤᠮᠵᠢᠭᠤᠯᠪᠠ︔ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠭᠡᠷᠡᠴᠢ ᠦᠨᠡᠮᠯᠡᠯ ᠦᠭᠡᠢ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠮᠡᠳᠡᠭᠡ ᠵᠠᠩᠭᠢ ᠶᠢ ᠵᠡᠷᠭᠡ ᠳᠤ ᠨᠢ ᠬᠠᠭᠤᠯᠤᠨ ᠬᠦᠷᠭᠡᠬᠦ ᠲᠣᠭᠲᠠᠴᠠ ᠶᠢ ᠪᠠᠶᠢᠭᠤᠯᠪᠠ᠃    ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠬᠦ ᠲᠠᠯ᠎ᠠ ᠪᠠᠷ᠂ ᠡᠨᠡ ᠵᠢᠯ ᠤᠨ ᠡᠬᠢᠨ ᠲᠠᠢ ᠬᠠᠷᠢᠴᠠᠭᠤᠯᠪᠠᠯ᠂ ᠤᠷᠢᠳᠴᠢᠯᠠᠨ ᠪᠣᠯᠵᠣᠵᠤ ᠭᠦᠢᠴᠡᠳᠬᠡᠬᠦ ᠬᠠᠷᠢᠴᠠᠯ ᠢ 53% ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠪᠡ᠂ ᠲᠤᠬᠠᠶᠢᠯᠠᠪᠠᠯ ᠭᠦᠢᠴᠡᠳᠬᠡᠬᠦ ᠮᠠᠲ᠋ᠧᠷᠢᠶᠠᠯ ᠤᠨ ᠬᠠᠷᠢᠴᠠᠯ ᠢ 23% ᠪᠠᠶᠢᠭᠰᠠᠨ ᠠᠴᠠ 35% ᠪᠣᠯᠭᠠᠨ ᠳᠡᠭᠡᠭᠰᠢᠯᠡᠭᠦᠯᠵᠦ᠂ ᠪᠥᠬᠦ ᠶᠠᠪᠤᠴᠠ ᠶᠢ ᠰᠦᠯᠵᠢᠶᠡᠨ ᠳᠤ ᠭᠦᠢᠴᠡᠳᠬᠡᠬᠦ ᠬᠠᠷᠢᠴᠠᠯ ᠢ 80% ᠪᠠᠶᠢᠭᠰᠠᠨ ᠠᠴᠠ 87% ᠪᠣᠯᠭᠠᠨ ᠳᠡᠭᠡᠭᠰᠢᠯᠡᠭᠦᠯᠵᠦ᠂ ︽ᠮᠥᠩᠬᠡ ᠰᠤᠪᠠᠭ︾ ᠰᠢᠯᠵᠢᠮᠡᠯ ᠦᠵᠦᠭᠦᠷ ᠲᠤ ᠵᠠᠯᠭᠠᠨ ᠣᠷᠣᠭᠤᠯᠬᠤ App ᠵᠢᠵᠢᠭ ᠫᠷᠣᠭ᠍ᠷᠠᠮ ᠢ 35 ᠪᠠᠶᠢᠭᠰᠠᠨ ᠠᠴᠠ 40 ᠪᠣᠯᠭᠠᠨ ᠨᠡᠮᠡᠭᠳᠡᠭᠦᠯᠪᠡ︔ ︽ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ︾᠂ ︽ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠳᠤ ᠶᠡᠷᠦᠩᠬᠡᠶᠢᠯᠡᠭᠰᠡᠨ ᠦᠨᠡᠯᠡᠯᠲᠡ ᠶᠢᠨ ᠲᠠᠰ ᠤᠨ ᠦᠨᠡᠮᠯᠡᠯ ᠣᠯᠭᠤᠬᠤ︾᠂ ︽ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠵᠥᠪᠰᠢᠶᠡᠷᠡᠯ︾ ᠵᠡᠷᠭᠡ ᠵᠦᠢᠯᠡᠰ ᠲᠤ ︽ᠨᠢᠭᠡ ᠶᠠᠪᠤᠳᠠᠯ︾᠎ ᠤᠨ ᠨᠡᠢᠯᠡᠮᠡᠯ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠠᠮᠢᠶ᠎ᠠ ᠪᠦᠬᠦᠢ ᠭᠤᠣᠯ ᠰᠡᠳᠦᠪᠲᠦ ᠨᠡᠢᠯᠡᠮᠡᠯ ᠢᠵᠢ ᠪᠦᠷᠢᠨ ᠦᠢᠯᠡᠴᠢᠯᠡᠭᠡ ᠶᠢ ᠪᠣᠶ ᠪᠣᠯᠭᠠᠪᠠ︔ ᠬᠤᠯᠪᠣᠭᠳᠠᠯ ᠪᠦᠬᠦᠢ 7 ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠱᠠᠭᠠᠷᠳᠠᠭᠳᠠᠬᠤ ᠡᠯ᠎ᠡ ᠲᠥᠷᠥᠯ ᠤᠨ ᠲᠤᠭ᠎ᠠ ᠪᠠᠷᠢᠮᠲᠠ ᠶᠢ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ 1 ᠰᠢᠰᠲ᠋ᠧᠮ ᠳᠤ ᠡᠮᠬᠢᠳᠬᠡᠨ ᠣᠷᠣᠭᠤᠯᠪᠠ︔ ᠵᠠᠭᠤᠴᠢᠯᠠᠭᠤᠷ ᠤᠨ ᠦᠢᠯᠡᠴᠢᠯᠡᠭᠡᠨ ᠤ ᠬᠡᠲᠦ ᠳᠡᠯᠭᠡᠭᠦᠷ ᠢ ᠰᠦᠯᠵᠢᠶᠡᠨ ᠳᠤ ᠨᠡᠪᠲᠡᠷᠡᠭᠦᠯᠦᠨ ᠠᠵᠢᠯᠯᠠᠭᠤᠯᠵᠤ᠂ ᠵᠠᠭᠤᠴᠢᠯᠠᠭᠤᠷ ᠤᠨ ᠦᠢᠯᠡᠴᠢᠯᠡᠭᠡᠨ ᠤ 24 ᠪᠠᠶᠢᠭᠤᠯᠤᠮᠵᠢ ᠣᠷᠣᠵᠤ ᠰᠠᠭᠤᠪᠠ︔ ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠲᠤᠬᠠᠢ ᠮᠡᠳᠡᠭᠳᠡᠯ︾᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠮᠠᠯᠠᠯᠲᠠ ᠶᠢᠨ ᠳᠦᠷᠢᠮ ᠢ ᠠᠬᠢᠭᠤᠯᠬᠤ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠤᠨ ᠲᠤᠭ᠎ᠠ ᠬᠡᠮᠵᠢᠶ᠎ᠡ ᠪᠠ ᠭᠦᠶᠦᠬᠦ ᠤᠳᠠᠭ᠎ᠠ ᠶᠢ ᠪᠠᠭᠠᠰᠬᠠᠨ᠂ ᠭᠦᠢᠴᠡᠳᠬᠡᠬᠦ ᠦᠨᠡᠮᠯᠡᠯ ᠨᠢ ᠣᠯᠠᠨ᠂ ᠮᠠᠲ᠋ᠧᠷᠢᠶᠠᠯ ᠨᠢ ᠣᠯᠠᠨ᠂ ᠭᠦᠶᠦᠬᠦ ᠨᠢ ᠣᠯᠠᠨ᠂ ᠶᠠᠪᠤᠳᠠᠯ ᠤᠴᠢᠷ ᠭᠦᠢᠴᠡᠳᠬᠡᠬᠦ ᠳᠤ ᠬᠦᠴᠢᠷᠲᠡᠢ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1