ᠸᠠᠩ ᠸᠠᠩ ᠱᠧᠩ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠦᠢᠯᠡᠰ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/11/7
    11 ᠰᠠᠷ᠎ᠠ ᠶᠢᠨ 2᠎ ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠬᠡᠰᠡᠭ ᠬᠤᠰᠢᠭᠤ ᠰᠢᠶᠠᠨ ᠲᠣᠭᠤᠷᠢᠭ ᠲᠤ ᠬᠦᠷᠴᠦ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠶᠢᠨ ᠦᠢᠯᠡᠰ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ ᠪᠣᠯᠭᠠᠭᠰᠠᠨ ᠠᠵᠤ ᠠᠬᠤᠶ ᠶᠢᠨ ᠰᠢᠰᠲ᠋ᠧᠮ ᠪᠠ ᠬᠥᠭᠵᠢᠯᠲᠡ ᠶᠢᠨ ᠬᠡᠯᠪᠡᠷᠢ ᠶᠢ ᠲᠦᠷᠭᠡᠪᠴᠢᠯᠡᠨ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠸᠠᠩ ᠸᠠᠩ ᠱᠧᠩ ᠤᠷᠢᠳ ᠬᠤᠵᠢᠳ ᠬᠠᠷᠠᠴᠢᠨ ᠬᠤᠰᠢᠭᠤᠨ ᠤ ᠣᠳᠣᠬᠢᠴᠢᠯᠠᠭᠰᠠᠨ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠶᠤᠸᠠᠨ ᠪᠦᠦ ᠱᠠᠨ ᠲᠣᠭᠤᠷᠢᠭ ᠤᠨ ᠣᠶ ᠰᠢᠭᠤᠶ ᠶᠢᠨ ᠦᠷ᠎ᠡ ᠴᠢᠬᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠠᠤᠬᠠᠨ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠥᠸᠧ ᠶᠤᠸᠠᠨ ᠮᠠᠯ ᠠᠵᠤ ᠠᠬᠤᠶ ᠶᠢᠨ ᠡᠭᠦᠯᠳᠡᠷ ᠤᠨ ᠦᠬᠡᠷ ᠤᠨ ᠲᠠᠯᠠᠪᠠᠶ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠦᠷ᠎ᠡ ᠪᠦᠲᠦᠭᠡᠯ ᠤᠨ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠨ᠂ ᠤᠯᠠᠭᠠᠨᠬᠠᠳᠠ ᠶᠢᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠳᠤᠮᠯᠠᠯ ᠤᠨ ᠡᠬᠢ ᠪᠠᠶᠠᠯᠢᠭ ᠢ ᠰᠤᠳᠤᠯᠤᠨ ᠨᠡᠭᠡᠭᠡᠬᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠵᠢᠴᠢ ᠤᠢ ᠰᠢᠭᠤᠢ ᠶᠢᠨ ᠴᠢᠬᠢ ᠪᠤᠶᠢᠵᠢᠭᠤᠯᠬᠤ ᠵᠡᠷᠭᠡ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠶᠡᠬᠡᠪᠡᠷ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠯᠢ ᠲᠦᠷᠭᠡᠨ ᠢᠶᠠᠷ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠣᠲᠣ ᠶᠢᠨ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠨ ᠠᠮᠢᠳᠤᠯᠢᠭ ᠪᠣᠯᠭᠠᠵᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠡᠪᠴᠢᠶᠡᠵᠢᠭᠰᠡᠨ᠂ ᠮᠠᠰᠢᠨᠴᠢᠯᠠᠭᠰᠠᠨ᠂ ᠣᠶᠤᠨᠴᠢᠯᠠᠭᠰᠠᠨ ᠳᠠᠷᠢᠵᠤ ᠲᠡᠵᠢᠭᠡᠨ ᠦᠷᠡᠵᠢᠭᠦᠯᠬᠦ ᠬᠡᠯᠪᠡᠷᠢ ᠶᠢ ᠳᠡᠯᠭᠡᠷᠡᠭᠦᠯᠵᠦ᠂ ᠨᠢᠭᠡ ᠪᠦᠯᠦᠭ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠩ ᠰᠠᠶᠢᠲᠤᠷ ᠳᠠᠶᠢᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠸᠠᠩ ᠸᠠᠩ ᠱᠧᠩ ᠪᠠᠰᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ᠂ ︽ᠭᠤᠷᠪᠠ ᠶᠢ ᠨᠢᠭᠡ ᠴᠤᠭᠴᠠᠵᠢᠭᠤᠯᠬᠤ︾ ᠲᠣᠭᠲᠠᠴᠠ ᠶᠢᠨ ᠠᠵᠢᠯᠯᠠᠭᠠᠨ ᠵᠡᠷᠭᠡ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠳᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠡ᠃    ᠬᠤᠲᠠ ᠶᠢᠨ ᠤᠳᠤᠷᠢᠳᠤᠯᠭ᠎ᠠ ᠵᠠᠩ ᠵᠢᠶ ᠺᠠᠩ᠂ ᠶᠠᠩ ᠮᠥ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ᠂ ᠤᠯᠠᠭᠠᠨᠬᠠᠳᠠ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1