ᠪᠥᠬᠦ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/7
    ᠸᠠᠩ ᠸᠠᠩ ᠱᠧᠩ ᠬᠤᠷᠠᠯ ᠡᠷᠬᠢᠯᠡᠨ ᠶᠠᠷᠢᠶ᠎ᠠ ᠲᠠᠯᠪᠢᠪᠠ    11 ᠰᠠᠷ᠎ᠠ ᠶᠢᠨ 3᠎ ᠤ ᠡᠳᠦᠷ᠂ ᠪᠥᠬᠦ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠥᠬᠡᠬᠤᠲᠠ ᠵᠢᠴᠢ ᠪᠤᠰᠤᠳ ᠠᠶᠢᠮᠠᠭ ᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠨᠤᠲᠤᠭ ᠲᠠᠭᠠᠨ ᠪᠤᠴᠠᠵᠤ ᠰᠢᠯᠵᠢᠭᠦᠯᠦᠨ ᠵᠥᠭᠡᠭᠡᠪᠦᠷᠢᠯᠡᠵᠦ ᠲᠤᠰᠠᠭᠠᠷᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠯᠤᠸᠠᠨ ᠲᠢᠶᠠᠨ ᠮᠧᠩ ᠪᠣᠳᠠᠲᠠᠶ ᠲᠣᠬᠢᠷᠠᠭᠤᠯᠤᠯᠲᠠ ᠬᠢᠵᠦ᠂ ᠬᠤᠲᠠ ᠶᠢᠨ ᠳᠡᠳ᠋ ᠳᠠᠷᠤᠭ᠎ᠠ ᠵᠠᠩ ᠵᠢᠶ ᠺᠠᠩ᠂ ᠰᠦᠨ ᠬᠠᠶ ᠲᠤᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠪᠡ᠃    ᠬᠤᠷᠠᠯ ᠠᠴᠠ᠂ ᠬᠥᠬᠡᠬᠤᠲᠠ ᠵᠢᠴᠢ ᠪᠤᠰᠤᠳ ᠠᠶᠢᠮᠠᠭ ᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠨᠤᠲᠤᠭ ᠲᠠᠭᠠᠨ ᠪᠤᠴᠠᠵᠤ ᠰᠢᠯᠵᠢᠭᠦᠯᠦᠨ ᠵᠥᠭᠡᠭᠡᠪᠦᠷᠢᠯᠡᠵᠦ ᠲᠤᠰᠠᠭᠠᠷᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠠᠶᠢᠪᠤᠷᠰᠢᠬᠤ ᠪᠣᠳᠤᠯ᠂ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠳᠤᠲᠠᠭᠳᠠᠯ ᠢ ᠪᠠᠶᠢᠴᠠᠭᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠠᠷᠢᠯᠭᠠᠬᠤ ᠬᠡᠷᠡᠭᠲᠡᠶ᠃ ᠲᠤᠰᠠᠭᠠᠷᠯᠠᠬᠤ ᠭᠠᠵᠠᠷ ᠤᠨ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠡᠨᠲᠡ ᠪᠠᠶᠢᠭᠤᠯᠤᠭᠰᠠᠨ ᠲᠤᠰᠠᠭᠠᠷᠯᠠᠬᠤ ᠭᠠᠵᠠᠷ ᠤᠨ ᠲᠤᠭ᠎ᠠ ᠬᠡᠮᠵᠢᠶ᠎ᠡ᠂ ᠠᠵᠢᠯᠯᠠᠭᠤᠯᠤᠨ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠲᠢᠭᠯᠡᠵᠦ᠂ ᠪᠠᠭᠲᠠᠭᠠᠮᠵᠢ ᠶᠢ ᠥᠷᠭᠡᠳᠬᠡᠬᠦ ᠡᠷᠴᠢᠮ ᠢ ᠨᠡᠮᠡᠭᠳᠡᠭᠦᠯᠦᠨ᠂ ᠬᠡᠵᠢᠶ᠎ᠡ ᠴᠦ ᠬᠡᠷᠡᠭᠯᠡᠵᠦ ᠪᠣᠯᠬᠤ᠂ ᠪᠠᠴᠢᠮ ᠦᠶ᠎ᠡ ᠳᠤ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠰᠠᠭᠠᠷᠯᠠᠵᠤ ᠬᠠᠮᠢᠶᠠᠷᠤᠨ ᠡᠵᠡᠮᠳᠡᠬᠦ ᠲᠦᠷᠦ ᠶᠢᠨ ᠪᠤᠳᠤᠯᠭ᠎ᠠ ᠶᠢ ᠣᠨᠤᠴᠠᠲᠠᠢ ᠨᠠᠶᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ᠠᠵᠢᠯᠳᠠᠨ ᠢ ᠵᠣᠯᠭᠠᠭᠤᠯᠬᠤ᠂ ᠮᠡᠳᠡᠭᠡ ᠵᠠᠩᠭᠢ ᠶᠢ ᠪᠦᠷᠢᠳᠬᠡᠬᠦ᠂ ᠦᠢᠯᠡᠴᠢᠯᠡᠭᠡ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠲᠦᠷᠭᠡᠨ ᠪᠥᠭᠡᠳ ᠨᠠᠷᠢᠯᠢᠭ ᠣᠨᠣᠪᠴᠢᠲᠠᠢ᠂ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠬᠢᠭᠡᠳ ︽ᠭᠤᠷᠪᠠ ᠶᠢ ᠨᠢᠭᠡ ᠴᠤᠭᠴᠠᠵᠢᠭᠤᠯᠬᠤ︾᠎ ᠶᠢ ᠬᠤᠯᠪᠣᠭᠠᠯᠠᠨ ᠠᠬᠢᠭᠤᠯᠬᠤ᠂ ᠠᠵᠤ ᠠᠬᠤᠶᠢᠯᠠᠯ ᠤᠨ ᠳᠡᠭᠡᠳᠦ ᠬᠢᠵᠠᠭᠠᠷ ᠢ ᠪᠥᠷᠢᠳᠬᠡᠯ ᠳᠤ ᠣᠷᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠳᠠ ᠶᠢᠨ ᠳᠡᠳ᠋ ᠳᠠᠷᠤᠭ᠎ᠠ ᠵᠤᠤ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ ᠬᠤᠷᠠᠯ ᠨᠢ ᠳᠥᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠲᠤ ᠶᠠᠪᠤᠭᠳᠠᠪᠠ᠃    
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1