2022 ᠣᠨ ᠤ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/7
    11 ᠰᠠᠷ᠎ᠠ ᠶᠢᠨ 3᠎ ᠤ ᠡᠳᠦᠷ ᠤᠨ ᠦᠳᠡ ᠶᠢᠨ ᠬᠤᠶᠢᠨ᠎ᠠ᠂ 2022 ᠣᠨ ᠤ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠬᠤᠷᠠᠯ ᠬᠤᠷᠠᠯᠳᠤᠵᠤ᠂ 2022 ᠣᠨ ᠤ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠣᠶ ᠰᠢᠭᠤᠶ ᠶᠢᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠠᠭᠠᠨᠬᠠᠳᠠ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠸᠠᠨ ᠴᠤᠤ ᠴᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠸᠠᠩ ᠸᠠᠩ ᠱᠧᠩ ᠬᠤᠷᠠᠯ ᠡᠷᠬᠢᠯᠡᠪᠡ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠢᠭᠤᠨ ᠲᠤᠩᠭᠠᠯᠠᠭ ᠣᠷᠴᠢᠨ ᠪᠠᠶᠢᠭᠠᠯᠢ ᠨᠢ ᠠᠯᠳᠠ ᠮᠥᠩᠭᠦ ᠠᠴᠠ ᠦᠨᠡᠲᠡᠢ ᠭᠡᠬᠦ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠲᠥᠪ ᠤᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠲᠠᠢ ᠬᠠᠷᠭᠤᠭᠤᠯᠤᠨ ᠬᠡᠮᠵᠢᠶᠡᠯᠡᠵᠦ᠂ ᠤᠢ ᠰᠢᠭᠤᠢ ᠡᠪᠡᠰᠦ ᠪᠡᠯᠴᠢᠭᠡᠷ ᠤᠨ ᠠᠵᠢᠯ ᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠦᠷ᠎ᠡ ᠬᠤᠶᠢᠴᠢᠰ ᠲᠠᠭᠠᠨ ᠡᠳ᠋ ᠪᠠᠶᠠᠯᠢᠭ ᠦᠯᠡᠳᠡᠭᠡᠵᠦ᠂ ᠥᠨᠢᠳᠡ ᠶᠢᠨ ᠬᠥᠭᠵᠢᠯᠲᠡ ᠳᠤ ᠰᠠᠭᠤᠷᠢ ᠲᠠᠯᠪᠢᠬᠤ ᠪᠠᠷ ᠴᠢᠷᠮᠠᠶᠢᠬᠤ ᠬᠡᠷᠡᠭᠲᠡᠢ᠃ ᠤᠢ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠶ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠪᠠ ᠠᠮᠢ ᠠᠬᠤᠶ ᠶᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠨᠤᠲᠤᠭ ᠪᠡᠯᠴᠢᠭᠡᠷ᠂ ᠣᠶᠢᠲᠤ ᠭᠠᠵᠠᠷ ᠢ ᠡᠪᠳᠡᠬᠦ ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ ᠂ ᠬᠠᠮᠠᠭᠠᠯᠠᠬᠤ ᠪᠠ ᠠᠰᠢᠭᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠢᠢᠵᠢᠯᠲᠠ ᠶᠢ ᠠᠬᠢᠭᠤᠯᠬᠤ ᠬᠡᠷᠡᠭᠲᠡᠢ᠃ ᠣᠲᠣ ᠶᠢᠨ ᠪᠠᠶᠢᠭ᠎ᠠ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠡᠳ᠋ ᠬᠥᠷᠥᠩᠭᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠰᠢᠨᠵᠢᠯᠡᠬᠦ ᠤᠬᠠᠭᠠᠨᠴᠢ ᠪᠠᠷ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠤᠳᠤᠯᠤᠨ᠂ ᠨᠡᠭᠡᠭᠡᠨ ᠬᠥᠭᠵᠢᠭᠦᠯᠦᠨ᠂ ᠠᠰᠢᠭᠯᠠᠵᠤ᠂ ᠡᠬᠢ ᠪᠠᠶᠠᠯᠢᠭ ᠢ ᠦᠨᠡᠨᠬᠦ ︽ᠠᠮᠢᠳᠤᠯᠢᠭ︾ ᠪᠣᠯᠭᠠᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠶᠢᠨ ᠵᠢᠷᠤᠭ ᠢ ᠲᠣᠳᠣᠷᠬᠠᠶᠢᠯᠠᠵᠤ᠂ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠲᠥᠷᠥᠯ ᠵᠦᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠡᠪᠴᠢᠶᠡᠵᠢᠭᠦᠯᠬᠦ᠂ ᠠᠵᠤ ᠦᠶᠢᠯᠡᠰᠵᠢᠭᠦᠯᠬᠦ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠤᠯ ᠤᠨ ᠠᠷᠠᠯᠵᠢᠶ᠎ᠠ ᠶᠢ ᠰᠠᠶᠢᠲᠤᠷ ᠬᠢᠵᠦ᠂ ᠰᠡᠳᠬᠢᠮᠵᠢ ᠶᠢᠨ ᠰᠢᠨ᠎ᠡ ᠶᠢ ᠡᠭᠦᠳᠦᠨ᠂ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠠᠵᠤ ᠠᠬᠤᠶ ᠪᠠ ᠨᠡᠶᠢᠭᠡᠮ ᠤᠨ ᠦᠷ᠎ᠡ ᠠᠰᠢᠭ ᠢ ᠦᠷᠭᠦᠯᠵᠢᠯᠡᠨ ᠶᠡᠬᠡᠰᠬᠡᠨ᠎ᠡ᠃ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠠᠮᠢ ᠠᠬᠤᠶ ᠭᠤᠶᠣ ᠰᠠᠶᠢᠬᠠᠨ᠂ ᠠᠵᠤ ᠦᠢᠯᠡᠰ ᠬᠥᠭᠵᠢᠭᠦᠨ᠂ ᠠᠷᠠᠳ ᠢᠷᠭᠡᠳ ᠪᠠᠶᠠᠯᠢᠭ ᠬᠠᠷᠢᠯᠴᠠᠨ ᠨᠢᠭᠡᠳᠬᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠯᠤᠸᠠᠨ ᠲᠢᠶᠠᠨ ᠮᠧᠩ᠂ ᠬᠤᠲᠠ ᠶᠢᠨ ᠳᠡᠳ᠋ ᠳᠠᠷᠤᠭ᠎ᠠ ᠶᠠᠩ ᠮᠥ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃    
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1