21 ᠲᠥᠷᠥᠯ ᠵᠦᠢᠯ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠤᠨ ᠨᠠᠷᠢᠨ ᠬᠠᠭᠤᠳᠠᠰᠤᠨ ᠳᠤ ᠰᠣᠩᠭᠤᠨ ᠣᠷᠣᠭᠤᠯᠪᠠ
ᠨᠡᠶᠢᠲᠡᠯᠡᠭᠰᠡᠨ ᠴᠠᠭ᠄
2022/12/14
    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠠᠯᠪᠠᠨ ᠰᠦᠯᠵᠢᠶ᠎ᠡ ᠳᠤ ᠮᠡᠳᠡᠭᠳᠡᠯ ᠨᠡᠶᠢᠲᠡᠯᠡᠵᠦ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠳᠦᠷᠢᠮ ︵2022 ᠣᠨ ᠤ ᠬᠡᠪᠯᠡᠯ︶︾᠎ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠡᠯ᠎ᠡ ᠠᠶᠢᠮᠠᠭ ᠬᠤᠲᠠ ᠶᠢᠨ ᠮᠡᠳᠡᠭᠦᠯᠦᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠤᠨ ᠲᠥᠰᠥᠯ ᠳᠤ ᠦᠨᠡᠯᠡᠨ ᠵᠢᠱᠢᠯᠲᠡ ᠬᠢᠵᠦ᠂ ᠪᠥᠬᠦ ᠣᠷᠣᠨ ᠤ 21 ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠤᠨ ᠨᠠᠷᠢᠨ ᠬᠠᠭᠤᠳᠠᠰᠤᠨ ᠳᠤ ᠰᠣᠩᠭᠤᠨ ᠣᠷᠣᠭᠤᠯᠵᠤ᠂ ᠨᠡᠶᠢᠲᠡ 701.6 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠬᠡᠪᠴᠢᠶ᠎ᠡ ᠶᠢ ᠲᠣᠬᠢᠷᠠᠭᠤᠯᠤᠨ ᠪᠠᠶᠢᠭᠤᠯᠵᠤ᠂ ᠡᠭᠦᠨ ᠳᠤ ᠰᠠᠯᠬᠢᠨ ᠬᠦᠴᠦᠨ ᠤ ᠴᠠᠬᠢᠯᠭᠠᠨ 461.1 ᠲᠦᠮᠡᠨ ᠺᠢᠯᠣᠸᠠᠲ᠂ ᠬᠡᠷᠡᠯ ᠴᠡᠨᠡᠭ 240.5 ᠲᠦᠮᠡᠨ ᠺᠢᠯᠣᠸᠠᠲ ᠲᠤ ᠬᠦᠷᠴᠡᠢ᠃    ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠡᠯ᠎ᠡ ᠠᠶᠢᠮᠠᠭ ᠬᠤᠲᠠ ᠶᠢᠨ ᠡᠨᠧᠷᠭᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠪᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠲᠣᠰ ᠭᠠᠵᠠᠷ ᠣᠷᠣᠨ ᠤ ᠪᠠᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠤᠨ ᠰᠢᠨ᠎ᠡ ᠡᠨᠧᠷᠭᠢ ᠶᠢᠨ ᠲᠠᠯ᠎ᠠ ᠪᠠ ᠳᠠᠭᠠᠭᠠᠴᠠ ᠶᠢᠨ ᠲᠠᠯ᠎ᠠ ᠶᠢ ᠵᠡᠷᠭᠡ ᠳᠤ ᠨᠢ ᠪᠦᠲᠦᠭᠡᠨ ᠪᠠᠶᠢᠭᠤᠯᠵᠤ᠂ ᠵᠡᠷᠭᠡ ᠳᠤ ᠨᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠲᠣᠣᠷ ᠰᠦᠯᠵᠢᠶᠡᠨ ᠳᠤ ᠵᠠᠯᠭᠠᠨ ᠨᠡᠪᠲᠡᠷᠡᠭᠦᠯᠬᠦ ᠲᠠᠯ᠎ᠠ ᠪᠠᠷ᠂ ᠲᠥᠷᠥᠯ ᠵᠦᠢᠯ ᠤᠨ ᠲᠣᠣᠷ ᠰᠦᠯᠵᠢᠶᠡᠨ ᠳᠤ ᠵᠠᠯᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠣᠷ ᠰᠦᠯᠵᠢᠶᠡᠨ ᠤ ᠢᠷᠡᠯᠲᠡ ᠶᠢ ᠵᠡᠷᠭᠡ ᠳᠤ ᠨᠢ ᠪᠦᠲᠦᠭᠡᠨ ᠪᠠᠶᠢᠭᠤᠯᠬᠤ ᠪᠠ ᠵᠡᠷᠭᠡ ᠳᠤ ᠨᠢ ᠠᠵᠢᠯᠯᠠᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠠᠶᠢᠮᠠᠭ ᠬᠤᠲᠠ ᠶᠢᠨ ᠡᠨᠧᠷᠭᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ ᠨᠢᠭᠡᠨᠲᠡ ᠲᠦᠷᠦᠭᠦᠤ ᠪᠦᠯᠦᠭ ᠨᠠᠷᠢᠨ ᠬᠠᠭᠤᠳᠠᠰᠤᠨ ᠳᠤ ᠣᠷᠣᠭᠤᠯᠤᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠵᠣᠬᠢᠶᠠᠨ ᠪᠠᠶᠢᠭᠤᠯᠬᠤ ᠶᠢᠨ ᠬᠠᠮᠲᠤ ᠦᠷᠭᠦᠯᠵᠢᠯᠡᠨ ᠰᠢᠨ᠎ᠡ ᠪᠠᠷ ᠨᠡᠮᠡᠭᠳᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ ᠭᠡᠵᠡᠢ᠃    ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠲᠥᠷᠥᠯ ᠵᠦᠢᠯ ᠳᠤ ᠨᠢᠭᠡ ᠠᠶᠢᠮᠠᠭ ᠬᠤᠲᠠ ᠪᠣᠯᠪᠠᠰᠤᠷᠠᠩᠭᠤᠢ ᠪᠣᠯᠪᠠᠯ᠂ ᠨᠢᠭᠡ ᠶᠢ ᠳᠡᠭᠡᠭᠰᠢ ᠮᠡᠳᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠨᠢᠭᠡ ᠶᠢ ᠵᠣᠬᠢᠶᠠᠨ ᠪᠠᠶᠢᠭᠤᠯᠵᠤ ᠦᠨᠡᠯᠡᠨ ᠵᠢᠱᠢᠬᠦ ᠵᠠᠷᠴᠢᠮ ᠶᠣᠰᠣᠭᠠᠷ᠂ ᠪᠥᠬᠦ ᠣᠷᠣᠨ ᠤ ᠵᠠᠬ᠎ᠠ ᠳᠡᠯᠭᠡᠭᠦᠷᠴᠢᠯᠡᠨ ᠲᠣᠣᠷ ᠰᠦᠯᠵᠢᠶᠡᠨ ᠳᠤ ᠨᠡᠶᠢᠯᠡᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠦᠨᠡᠯᠡᠨ ᠵᠢᠱᠢᠯᠲᠡ ᠶᠢ ᠴᠠᠭ ᠲᠤᠬᠠᠢ ᠳᠤ ᠨᠢ ᠲᠣᠬᠢᠷᠠᠭᠤᠯᠤᠨ ᠥᠷᠨᠢᠭᠦᠯᠦᠨ᠎ᠡ ᠭᠡᠵᠡᠢ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1