ᠤᠯᠠᠭᠠᠨᠬᠠᠳᠠ ᠬᠤᠲᠠ ᠶᠢᠨ ᠶᠤᠸᠠᠨ ᠪᠤᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠥᠯᠵᠢᠶᠡᠨ ᠤ ᠲᠤᠬᠠᠢ
ᠨᠡᠶᠢᠲᠡᠯᠡᠭᠰᠡᠨ ᠴᠠᠭ᠄
2022/12/14
    ᠤᠯᠠᠭᠠᠨᠬᠠᠳᠠ ᠬᠤᠲᠠ ᠶᠢᠨ ᠶᠤᠸᠠᠨ ᠪᠤᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠪᠣᠯ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶᠡᠨ ᠴᠤᠭᠯᠠᠷᠠᠯ ᠤᠨ ᠬᠤᠪᠢᠶᠠᠷᠢ ᠰᠦᠯᠵᠢᠶ᠎ᠡ ᠪᠣᠯᠣᠨ᠎ᠠ᠃ ᠰᠦᠯᠵᠢᠶ᠎ᠡ ᠨᠢ ᠲᠡᠷᠢᠭᠦᠨ ᠵᠣᠷᠪᠤᠰ᠂   ᠰᠣᠨᠢᠨ ᠮᠡᠳᠡᠭᠡ᠂ ᠢᠯᠡ ᠵᠠᠰᠠᠭ᠂ ᠦᠢᠯᠡᠴᠢᠯᠡᠭᠡ ᠲᠤᠰᠠᠯᠠᠮᠵᠢ᠂ ᠨᠠᠮ ᠤᠨ ᠲᠡᠥᠬᠡ᠂ ᠰᠦᠯᠵᠢᠶᠡᠨ ᠤ ᠲᠤᠬᠠᠢ ᠵᠡᠷᠭᠡ  ᠪᠣᠯᠤᠩ ᠢᠶᠠᠷ ᠪᠦᠷᠢᠯᠳᠦᠵᠦ᠂ ᠪᠦᠬᠦ ᠲᠣᠭᠤᠷᠢᠭ ᠤᠨ ᠴᠢᠬᠤᠯᠠ ᠰᠣᠨᠢᠨ ᠮᠡᠳᠡᠭᠡ᠂ ᠵᠠᠰᠠᠭ ᠤᠨ ᠶᠠᠪᠤᠳᠠᠯ᠂ ᠬᠠᠤᠯᠢ ᠳᠥᠷᠢᠮ᠂ ᠰᠣᠶᠣᠯ ᠵᠢᠭᠤᠯᠴᠢᠯᠠᠯ ᠵᠡᠷᠭᠡ ᠠᠭᠤᠯᠭ᠎ᠠ ᠶᠢ ᠬᠠᠮᠤᠷᠤᠭᠰᠠᠨ ᠶᠤᠮ᠃    ᠤᠯᠠᠭᠠᠨᠬᠠᠳᠠ ᠬᠤᠲᠠ ᠶᠢᠨ  ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠨᠢ ᠮᠠᠨ ᠤ ᠲᠣᠭᠤᠷᠢᠭ ᠤᠨ ᠤᠬᠠᠭᠤᠯᠭ᠎ᠠ ᠶᠢᠨ ᠴᠣᠩᠬᠤ ᠪᠣᠯᠬᠤ ᠮᠥᠷᠲᠡᠭᠡᠨ ᠤᠯᠠᠭᠠᠨᠬᠠᠳᠠ ᠬᠤᠲᠠ ᠶᠢᠨ ᠶᠤᠸᠠᠨ ᠪᠣᠥ ᠱᠠᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠤ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ  ᠣᠶᠢᠯᠠᠭᠠᠭᠤᠯᠬᠤ ᠳᠤ ᠴᠢᠬᠤᠯᠠ ᠥᠢᠯᠡᠳᠥᠯ ᠥᠵᠡᠭᠦᠯᠵᠥ ᠪᠣᠢ᠃ ᠣᠶᠢᠷ᠎ᠠ ᠶᠢᠨ ᠵᠢᠯ ᠳᠤ᠂ ᠦᠪᠡᠷᠲᠡᠭᠡᠨ ᠵᠠᠰᠠᠬᠤ ᠣᠷᠤᠨ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠰᠦᠯᠵᠢᠶᠡᠨ ᠤ ᠪᠠᠶᠢᠭᠤᠯᠤᠯᠲᠠ ᠪᠣᠯᠤᠨ ᠰᠡᠯᠪᠢᠨ ᠵᠠᠰᠠᠬᠤ ᠠᠵᠢᠯ ᠢ ᠰᠠᠶᠢᠲᠤᠷ ᠬᠢᠵᠤ᠂ ᠴᠠᠭ ᠲᠤᠬᠠᠶ ᠳᠤᠨᠢ ᠪᠠᠶᠠᠯᠢᠭ ᠠᠭᠤᠯᠭ᠎ᠠ ᠪᠠ ᠰᠤᠷᠠᠭ ᠵᠠᠩᠬᠢ ᠰᠢᠨᠡᠳᠬᠡᠵᠦ᠂ ᠰᠦᠯᠵᠢᠶᠡᠨ ᠤ ᠠᠵᠢᠯᠯᠠᠭᠠᠨ ᠤ ᠶᠠᠰᠤ ᠴᠢᠨᠠᠷ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠮᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶᠡᠨ ᠴᠤᠭᠯᠠᠷᠠᠯ ᠤᠨ ᠬᠤᠪᠢᠶᠠᠷᠢ ᠰᠦᠯᠵᠢᠶ᠎ᠡ ᠪᠣᠯᠤᠭᠰᠠᠨ ᠤ ᠬᠤᠪᠢ ᠳᠤ ᠦᠪᠡᠷᠲᠡᠭᠡᠨ ᠵᠠᠰᠠᠬᠤ ᠣᠷᠤᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠴᠣᠭᠯᠠᠷᠠᠯ ᠤᠨ ᠡᠬᠢ ᠪᠠᠶᠠᠯᠢᠭ᠂ ᠮᠡᠷᠭᠡᠵᠢᠯ ᠤᠨ ᠳᠠᠪᠠᠭᠤᠯᠢᠭ ᠢ ᠭᠦᠢᠴᠡᠳ ᠠᠰᠢᠭᠯᠠᠭᠰᠠᠨ ᠪᠦᠭᠡᠳ ᠭᠠᠵᠠᠷ ᠣᠷᠤᠨ ᠤ ᠤᠨᠴᠠᠯᠢᠭᠲᠤ ᠪᠣᠯᠤᠩ ᠤᠨ ᠰᠢᠨᠡᠴᠢᠯᠡᠯᠲᠡ ᠪᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠨᠠᠮ ᠵᠠᠰᠠᠭ ᠤᠨ ᠲᠦᠷᠦ ᠶᠢᠨ ᠪᠤᠳᠤᠯᠭ᠎ᠠ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠵᠡᠷᠭᠡ ᠶᠢ ᠭᠦᠢᠴᠡᠳ ᠬᠠᠩᠭᠠᠵᠤ᠂ ᠮᠤᠩᠭᠤᠯ ᠦᠨᠳᠦᠰᠦᠲᠡᠨ ᠤ ᠤᠯᠠᠨ ᠲᠥᠮᠡᠨ ᠳᠤ ᠨᠡᠩ ᠤᠯᠠᠨ ᠰᠢᠯᠢᠳᠡᠭ ᠰᠤᠷᠠᠭ ᠵᠠᠩᠭᠢ ᠪᠠ ᠦᠢᠯᠡᠴᠢᠯᠡᠭᠡ ᠬᠠᠩᠭᠠᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠬᠠᠮᠵᠢᠯᠴᠠᠵᠤ ᠰᠦᠯᠵᠢᠶᠡᠨ ᠦᠷᠳᠡᠭᠡ ᠶᠢᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ᠂ ᠮᠡᠷᠭᠡᠵᠢᠯ᠂ ᠬᠠᠷᠠᠭᠠᠨ ᠳᠠᠪᠲᠠᠮᠵᠢ ᠵᠡᠷᠭᠡ ᠬᠤᠯᠪᠣᠭᠳᠠᠯ ᠪᠦᠬᠦᠢ ᠦᠢᠯᠡᠴᠢᠯᠡᠭᠡ ᠬᠠᠩᠭᠠᠵᠤ᠂ ᠰᠦᠯᠵᠢᠶᠡᠨ ᠤ ᠴᠢᠳᠠᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠠᠢ᠃ 
 
ᠢᠷᠡᠯᠲᠡ᠄ ᠶᠤᠸᠠᠨ ᠪᠤᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1