︽ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/14
    ᠨᠢᠭᠡ᠂ ᠲᠣᠭᠲᠠᠭᠠᠭᠰᠠᠨ ᠠᠬᠤᠶ ᠪᠠᠶᠢᠳᠠᠯ    ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠷᠴᠢᠨ ᠠᠬᠤᠶ ᠶᠢᠨ ᠠᠮᠤᠷ ᠲᠦᠪᠰᠢᠨ ᠢ ᠪᠠᠲᠤᠯᠠᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠎ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠤᠭᠤᠷᠢᠭ ᠶᠢᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ︽ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠪᠠ᠃    ᠬᠤᠶᠠᠷ᠂ ᠬᠡᠷᠡᠭᠯᠡᠬᠦ ᠬᠡᠪᠴᠢᠶ᠎ᠡ    ᠲᠤᠰ ᠪᠡᠯᠡᠳᠬᠡᠯ ᠲᠥᠰᠦᠯ ᠢ ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠡᠭᠦᠰᠬᠦ ᠪᠤᠶᠤ ᠡᠭᠦᠰᠴᠦ ᠮᠡᠳᠡᠬᠦ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠲᠤ ᠬᠡᠷᠡᠭᠯᠡᠨ᠎ᠡ᠃    ᠭᠤᠷᠪᠠ᠂ ᠠᠵᠢᠯ ᠤᠨ ᠵᠠᠷᠴᠢᠮ    ᠨᠢᠭᠡᠳᠦᠯᠲᠡᠶ ᠤᠳᠤᠷᠢᠳᠬᠤ᠂ ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠂ ᠲᠦᠷᠭᠡᠨ ᠲᠤᠰᠬᠠᠬᠤ᠂ ᠰᠢᠨᠵᠢᠯᠡᠬᠦ ᠤᠬᠠᠭᠠᠨᠴᠢ ᠪᠠᠷ ᠰᠢᠶ᠋ᠳᠪᠦᠷᠢᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠦᠴᠦᠲᠡᠶ ᠪᠠᠲᠤᠯᠠᠭ᠎ᠠ ᠲᠠᠢ ᠵᠠᠷᠴᠢᠮ ᠢ ᠪᠠᠷᠢᠮᠲᠠᠯᠠᠨ᠎ᠠ᠃    ᠳᠥᠷᠪᠡ᠂ ᠭᠤᠤᠯ ᠠᠭᠤᠯᠭ᠎ᠠ    ︵ᠨᠢᠭᠡ︶ ᠶᠡᠷᠦᠩᠬᠡᠶ ᠳᠦᠷᠢᠮ    ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠪᠠ ᠦᠨᠳᠦᠰᠦᠨ ᠡᠭᠦᠷᠭᠡ ᠵᠡᠷᠭᠡ ᠳᠤ ᠲᠣᠳᠣᠷᠬᠠᠶᠢᠯᠠᠯᠲᠠ ᠬᠢᠨ᠎ᠠ᠃    ︵ᠬᠤᠶᠠᠷ︶ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠬᠢᠭᠡᠳ ᠡᠭᠦᠷᠭᠡ ᠴᠢᠳᠠᠪᠤᠷᠢ    ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠦ ᠵᠢᠯᠣᠭᠤᠳᠬᠤ ᠰᠢᠰᠲ᠋ᠧᠮ ᠢ ᠲᠣᠭᠤᠷᠢᠭ ᠤᠨ ᠱᠠᠲᠤ᠂ ᠪᠠᠯᠭᠠᠰᠤ ᠰᠢᠶᠠᠩ ︵ᠵᠡᠭᠡᠯᠢ ᠭᠤᠳᠤᠮᠵᠢ︶᠂ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠵᠡᠷᠭᠡ ᠭᠤᠷᠪᠠᠨ ᠲᠠᠰ ᠢᠶᠠᠷ ᠪᠦᠷᠢᠯᠳᠦᠭᠦᠯᠵᠦ᠂ ᠲᠣᠭᠤᠷᠢᠭ ᠤᠨ ᠱᠠᠲᠤᠨ ᠤ ᠲᠠᠰ ᠳᠠᠪᠬᠤᠷᠭ᠎ᠠ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠪᠠᠯᠭᠠᠰᠤ ︵ᠵᠡᠭᠡᠯᠢ ᠭᠤᠳᠤᠮᠵᠢ︶ ᠪᠣᠯᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠨᠢ ᠲᠣᠭᠤᠷᠢᠭ ᠤᠨ ᠱᠠᠲᠤᠨ ᠤ ᠪᠠᠶᠢᠭᠤᠯᠤᠮᠵᠢ ᠶᠢ ᠬᠠᠮᠵᠢᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠬᠠᠮᠲᠤᠪᠠᠷ ᠵᠣᠬᠢᠴᠠᠭᠤᠯᠤᠨ ᠰᠢᠶ᠋ᠳᠪᠦᠷᠢᠯᠡᠨ᠎ᠡ ᠭᠡᠵᠦ ᠲᠣᠭᠲᠠᠭᠠᠪᠠ᠃ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ ᠢ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠶᠤᠸᠠᠨ ᠪᠦᠦ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠠᠵᠢᠯᠲᠠᠨ ᠤ ᠪᠤᠯᠪᠠᠰᠤᠷᠠᠯ ᠬᠢᠨ᠎ᠡ᠃    ︵ᠭᠤᠷᠪᠠ︶ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ    ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠶᠤᠸᠠᠨ ᠪᠦᠦ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠡᠳᠦᠷ ᠲᠤᠲᠤᠮ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠪᠠᠨ ᠴᠢᠩᠭᠠᠳᠬᠠᠵᠤ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠪᠦᠲᠦᠮᠵᠢᠲᠡᠶ ᠠᠰᠢᠭᠯᠠᠨ ᠲᠦᠭᠰᠢᠭᠦᠷᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ ᠪᠠ ᠰᠤᠳᠤᠯᠤᠨ ᠮᠠᠭᠠᠳᠯᠠᠬᠤ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠡᠭᠦᠰᠭᠡᠵᠦ ᠮᠡᠳᠡᠬᠦ ᠮᠡᠳᠡᠭᠡ ᠵᠠᠩᠭᠢ ᠶᠢ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠬᠡᠷᠡᠭ ᠶᠠᠪᠤᠳᠠᠯ ᠤᠨ ᠤᠷᠢᠳᠴᠢᠯᠠᠨ ᠰᠡᠷᠡᠮᠵᠢᠯᠡᠭᠦᠯᠬᠦ ᠳᠡᠰ ᠪᠣᠯᠤᠨ ᠮᠡᠳᠡᠭᠦᠯᠬᠦ ᠳᠦᠷᠢᠮ ᠢ ᠲᠣᠳᠣᠷᠬᠠᠶ ᠲᠣᠭᠲᠠᠭᠠᠵᠠᠶ᠃    ︵ᠳᠥᠷᠪᠡ︶ ᠪᠠᠴᠢᠮ ᠪᠠᠶᠢᠳᠠᠯ ᠤᠨ ᠠᠷᠭᠠᠴᠠᠭᠠᠯᠲᠠ    ᠪᠡᠯᠡᠳᠬᠡᠯ ᠲᠥᠰᠦᠯ ᠳᠤ ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠥᠷᠪᠡᠨ ᠲᠠᠰ ᠪᠣᠯᠭᠠᠨ ᠲᠣᠭᠲᠠᠭᠠᠵᠤ᠂ ᠬᠡᠷᠡᠭ ᠢ ᠤᠷᠢᠳᠴᠢᠯᠠᠨ ᠮᠠᠭᠠᠳᠯᠠᠬᠤ ᠲᠠᠰ ᠶᠣᠰᠣᠭᠠᠷ ᠲᠣᠰ ᠲᠣᠰ ᠪᠠᠴᠢᠮ ᠪᠠᠶᠢᠳᠠᠯ ᠤᠨ ᠠᠷᠭᠠᠴᠠᠭᠠᠯᠲᠠ ᠶᠢ ᠡᠬᠢᠯᠡᠭᠦᠯᠵᠦ᠂ ᠠᠷᠭᠠᠴᠠᠬᠤ ᠠᠵᠢᠯ ᠢ ᠱᠠᠲᠤ ᠬᠤᠪᠢᠶᠠᠨ ᠬᠠᠷᠢᠭᠤᠴᠠᠨ᠎ᠠ᠃    ︵ᠲᠠᠪᠤ︶ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ    ᠲᠣᠰ ᠬᠡᠰᠡᠭ ᠪᠣᠯ ᠲᠤᠬᠠᠶ ᠶᠢᠨ ᠲᠠᠯᠠᠪᠤᠷ ᠤᠨ ᠰᠢᠶ᠋ᠳᠪᠦᠷᠢᠯᠡᠬᠦ ᠠᠵᠢᠯ ᠤᠨ ᠪᠣᠳᠠᠲᠠᠶ ᠠᠭᠤᠯᠭ᠎ᠠ ᠪᠣᠯᠤᠨ᠎ᠠ᠂ ᠡᠭᠦᠨ ᠳᠤ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠶᠢᠷᠢᠯᠠᠭᠤᠯᠤᠯᠲᠠ ᠂ ᠪᠠᠴᠢᠮ ᠪᠠᠶᠢᠳᠠᠯ ᠢ ᠠᠷᠭᠠᠴᠠᠬᠤ ᠶᠢᠨ ᠬᠢᠨᠠᠨ ᠬᠡᠮᠵᠢᠯᠲᠡ᠂ ᠮᠡᠳᠡᠭᠡ ᠵᠠᠩᠭᠢ ᠶᠢᠨ ᠮᠡᠳᠡᠭᠦᠯᠦᠯᠲᠡ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠵᠡᠷᠭᠡ ᠪᠠᠭᠲᠠᠨ᠎ᠠ᠃ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠠᠳᠠᠯᠢ ᠪᠤᠰᠤ ᠲᠦᠷᠦᠯ ᠵᠦᠢᠯ ᠳᠤ ᠴᠢᠭᠯᠡᠭᠦᠯᠦᠨ ᠵᠣᠬᠢᠴᠠᠩᠭᠤᠶ ᠰᠢᠶ᠋ᠳᠪᠦᠷᠢᠯᠡᠬᠦ ᠲᠥᠰᠦᠯ ᠢ ᠲᠣᠭᠲᠠᠭᠠᠵᠠᠶ᠃    ︵ᠵᠢᠷᠭᠤᠭ᠎ᠠ︶ ᠰᠡᠭᠦᠯᠴᠢ ᠶᠢᠨ ᠬᠤᠭᠤᠴᠠᠭᠠᠨ ᠤ ᠠᠵᠢᠯ    ᠬᠤᠬᠢᠷᠠᠯ ᠢ ᠦᠨᠡᠯᠡᠨ ᠵᠢᠱᠢᠬᠦ᠂ ᠬᠡᠷᠡᠭ ᠶᠠᠪᠤᠳᠠᠯ ᠢ ᠪᠠᠶᠢᠴᠠᠭᠠᠬᠤ᠂ ᠰᠡᠭᠦᠯᠴᠢ ᠶᠢᠨ ᠶᠠᠪᠤᠳᠠᠯ ᠢ ᠰᠢᠶ᠋ᠳᠪᠦᠷᠢᠯᠡᠬᠦ᠂ ᠳ᠋ᠦᠩᠨᠡᠨ ᠦᠨᠡᠯᠡᠨ ᠵᠢᠱᠢᠬᠦ ᠠᠭᠤᠯᠭ᠎ᠠ ᠶᠢ ᠪᠠᠭᠲᠠᠭᠠᠨ᠎ᠠ᠃    ︵ᠲᠤᠯᠤᠭ᠎ᠠ︶ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ    ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠲᠣᠨᠣᠭᠯᠠᠯ ᠤᠨ ᠪᠠᠲᠤᠯᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠡᠳ᠋ ᠪᠠᠷᠠᠭ᠎ᠠ ᠬᠢᠭᠡᠳ ᠪᠡᠯᠡ ᠮᠥᠩᠭᠦ ᠶᠢᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠵᠡᠷᠭᠡ ᠪᠠᠭᠲᠠᠨ᠎ᠠ᠃    ︵ᠨᠠᠢᠮᠠ︶ ᠬᠢᠨᠠᠯᠲᠠ ᠲᠠᠯᠪᠢᠵᠤ ᠬᠠᠮᠢᠶᠠᠷᠬᠤ    ᠲᠣᠰ ᠬᠡᠰᠡᠭ ᠤᠨ ᠠᠭᠤᠯᠭ᠎ᠠ ᠨᠢ ᠡᠳᠦᠷ ᠲᠤᠲᠤᠮ ᠤᠨ ᠰᠣᠷᠢᠯᠲᠠ᠂ ᠪᠣᠯᠪᠠᠰᠤᠷᠠᠭᠤᠯᠤᠯ ᠤᠬᠠᠭᠤᠯᠭ᠎ᠠ ᠪᠠ ᠬᠢᠨᠠᠯᠲᠠ ᠪᠠᠶᠢᠴᠠᠭᠠᠯᠲᠠ ᠲᠠᠢ ᠬᠤᠯᠪᠣᠭ᠎ᠠ ᠲᠠᠢ ᠶᠤᠮ᠃    ︵ᠶᠢᠰᠦ︶ ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ    ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠬᠠᠮᠢᠶ᠎ᠠ ᠪᠥᠬᠦᠶ ᠠᠭᠤᠯᠭ᠎ᠠ ᠶᠢ ᠪᠠᠭᠲᠠᠭᠠᠨ᠎ᠠ᠃    ︵ᠠᠷᠪᠠ︶ ᠳᠠᠭᠠᠯᠳᠤᠭᠤᠯᠤᠭᠰᠠᠨ ᠲᠦᠷᠢᠮ᠂ ᠳᠠᠭᠠᠯᠳᠤᠭᠤᠯᠤᠭᠰᠠᠨ ᠵᠢᠷᠤᠭ᠂ ᠳᠠᠭᠠᠯᠳᠤᠭᠤᠯᠤᠭᠰᠠᠨ ᠵᠦᠢᠯ ᠤᠨ ᠬᠡᠰᠡᠭ    ᠠᠭᠤᠯᠭ᠎ᠠ ᠳᠤᠨᠢ ᠪᠡᠯᠡᠳᠬᠡᠯ ᠲᠥᠰᠦᠯ ᠤᠨ ᠨᠡᠷ᠎ᠡ ᠲᠣᠮᠢᠶ᠎ᠠ ᠶᠢ ᠲᠠᠶᠢᠯᠪᠤᠷᠢᠯᠠᠬᠤ᠂ ᠬᠠᠮᠢᠶᠠᠷᠬᠤ ᠪᠠ ᠵᠠᠰᠠᠪᠤᠷᠢ ᠣᠷᠣᠭᠤᠯᠬᠤ᠂ ᠬᠡᠷᠡᠭᠵᠢᠭᠦᠯᠬᠦ ᠡᠳᠦᠷ ᠬᠤᠭᠤᠴᠠᠭ᠎ᠠ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ᠂ ᠵᠠᠮ ᠬᠠᠷᠢᠯᠴᠠᠭᠠᠨ ᠤ ᠵᠢᠷᠤᠭ᠂ ᠤᠰᠤᠨ ᠰᠢᠰᠲ᠋ᠧᠮ ᠤᠨ ᠵᠢᠷᠤᠭ᠂ ᠬᠠᠮᠢᠶ᠎ᠠ ᠪᠥᠬᠦᠶ ᠮᠡᠳᠡᠭᠦᠯᠦᠯᠲᠡ ᠶᠢᠨ ᠬᠦᠰᠦᠨᠦᠭᠲᠦ ᠂ ᠪᠠᠴᠢᠮ ᠪᠠᠶᠢᠳᠠᠯ ᠢ ᠠᠷᠭᠠᠴᠠᠬᠤ ᠮᠡᠳᠡᠭᠡᠯᠡᠯ ᠤᠨ ᠲᠡᠮᠳᠡᠭᠯᠡᠯ᠂ ᠬᠡᠰᠡᠭ ᠠᠶᠤᠯᠲᠠᠶ ᠬᠢᠮᠢ ᠶᠢᠨ ᠪᠣᠳᠠᠰ ᠢ ᠰᠢᠶ᠋ᠳᠪᠦᠷᠢᠯᠡᠬᠦ ᠠᠷᠭ᠎ᠠ ᠵᠡᠷᠭᠡ ᠪᠠᠭᠲᠠᠨ᠎ᠠ᠃    ᠲᠠᠶᠢᠯᠤᠮᠵᠢ ᠬᠢᠭᠰᠡᠨ ᠨᠢᠭᠡᠴᠡ᠄    ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠶᠤᠸᠠᠨ ᠪᠦᠦ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ     
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1