ᠰᠢ ᠶᠢᠨ ᠫᠢᠩ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ ᠶᠢᠰᠦᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/12/16
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18᠎ ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ ᠶᠢᠰᠦᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠲᠠᠢ ᠤᠯᠤᠰ ᠤᠨ ᠪᠠᠩᠺᠤᠺ ᠤᠨ ᠤᠯᠤᠰ ᠤᠨ ᠬᠤᠷᠠᠯ ᠤᠨ ᠲᠥᠪ ᠲᠤ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠪᠦᠯᠬᠦᠮᠳᠡᠨ ᠬᠠᠮᠲᠤᠷᠠᠯᠴᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃
a_副本.jpg
        ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18᠎ ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ ᠶᠢᠰᠦᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠲᠠᠢ ᠤᠯᠤᠰ ᠤᠨ ᠪᠠᠩᠺᠤᠺ ᠤᠨ ᠤᠯᠤᠰ ᠤᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠪᠦᠯᠬᠦᠮᠳᠡᠨ ᠬᠠᠮᠲᠤᠷᠠᠯᠴᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ    ᠰᠢ ᠶᠢᠨ ᠫᠢᠩ ᠬᠤᠷᠠᠯ ᠤᠨ ᠲᠠᠯᠠᠪᠠᠢ ᠳᠤ ᠬᠦᠷᠬᠦ ᠳᠤ᠂ ᠲᠠᠢ ᠤᠯᠤᠰ ᠤᠨ ᠶᠡᠷᠦᠩᠬᠡᠢ ᠰᠠᠶᠢᠳ ᠪᠠ ᠢᠦᠢ ᠬᠠᠯᠠᠭᠤᠨ ᠢᠶᠠᠷ ᠤᠭᠲᠤᠪᠠ᠃    ᠰᠢ ᠶᠢᠨ ᠫᠢᠩ ᠶᠠᠷᠢᠶᠠᠨ ᠳᠠᠭᠠᠨ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯ ᠪᠢᠳᠡᠨ ᠤ ᠣᠷᠣᠰᠢᠨ ᠲᠣᠭᠲᠠᠨᠢᠬᠤ ᠭᠠᠵᠠᠷ ᠮᠥᠨ᠂ ᠮᠥᠨ ᠴᠤ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ᠃ ᠥᠩᠭᠡᠷᠡᠭᠰᠡᠨ ᠬᠡᠳᠦᠨ ᠠᠷᠪᠠᠨ ᠵᠢᠯ ᠳᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠥᠷᠨᠢᠨ ᠬᠥᠭᠵᠢᠵᠦ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ︽ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠭᠠᠶᠢᠬᠠᠮᠰᠢᠭ︾᠎ ᠢ ᠡᠭᠦᠳᠴᠦ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠠᠯᠢ ᠡᠷᠲᠡ ᠬᠥᠮᠥᠰ ᠤᠨ ᠰᠡᠳᠬᠢᠯ ᠳᠤ ᠬᠠᠳᠠᠩᠰᠢᠪᠠ᠃ ᠤᠳᠤ ᠳᠡᠯᠡᠬᠡᠢ ᠳ᠋ᠠᠬᠢᠨ ᠳᠠᠬᠢᠨᠲᠠ ᠲᠡᠦᠬᠡ ᠶᠢᠨ ᠲᠣᠨᠣᠯᠵᠢᠨ ᠵᠠᠮ ᠳᠤ ᠵᠣᠭᠰᠣᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠪᠠᠶᠢᠷᠢ ᠰᠠᠭᠤᠷᠢ ᠨᠡᠩ ᠴᠢᠬᠤᠯᠠ᠂ ᠦᠢᠯᠡᠳᠦᠯ ᠨᠡᠩ ᠲᠣᠪᠤᠶᠢᠮ᠎ᠠ ᠪᠣᠯᠪᠠ᠃ ᠰᠢᠨ᠎ᠡ ᠪᠠᠶᠢᠳᠠᠯ ᠳᠣᠣᠷ᠎ᠠ᠂ ᠪᠢᠳᠠ ᠭᠠᠷ ᠬᠤᠯᠪᠣᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠭᠢᠨ ᠡᠭᠦᠳᠦᠶ᠎ᠡ ᠭᠡᠵᠦ ᠵᠢᠭᠠᠵᠤ ᠭᠠᠷᠭᠠᠪᠠ᠃    ᠡᠭᠦᠨ ᠳᠤ ᠰᠢ ᠶᠢᠨ ᠫᠢᠩ ᠬᠡᠳᠦᠨ ᠰᠠᠨᠠᠭᠤᠯᠭ᠎ᠠ ᠳᠤᠷᠠᠳᠴᠠᠢ᠃    ᠨᠢᠭᠡᠳᠦᠭᠡᠷ ᠲᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠩᠬᠡ ᠲᠠᠶᠢᠪᠤᠩ ᠲᠣᠭᠲᠠᠭᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠥᠩᠭᠡᠷᠡᠭᠰᠡᠨ ᠬᠡᠳᠦᠨ ᠠᠷᠪᠠᠨ ᠵᠢᠯ ᠤᠨ ᠠᠵᠤ ᠠᠬᠤᠢ ᠶᠢᠨ ᠲᠦᠷᠭᠡᠨ ᠨᠡᠮᠡᠭᠳᠡᠯ ᠤᠨ ᠴᠢᠬᠤᠯᠠ ᠰᠡᠩᠬᠡᠷᠡᠭᠦᠯᠦᠯ ᠪᠣᠯ ᠳᠠᠷᠤᠢ ᠬᠠᠷᠢᠯᠴᠠᠨ ᠭᠦᠨᠳᠦᠳᠭᠡᠵᠦ᠂ ᠪᠦᠯᠬᠦᠮᠳᠡᠨ ᠬᠠᠮᠲᠤᠷᠠᠯᠴᠠᠵᠤ᠂ ᠤᠴᠢᠷ ᠶᠠᠪᠤᠳᠠᠯ ᠲᠤᠯᠭᠠᠷᠠᠪᠠᠯ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠡᠷᠢᠯᠬᠢᠯᠡᠭᠰᠡᠨ ᠶᠠᠪᠤᠳᠠᠯ ᠪᠣᠯᠣᠨ᠎ᠠ᠃ ᠪᠢᠳᠡ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠦᠭᠡᠢ᠂ ᠡᠯ᠎ᠡ ᠤᠯᠤᠰ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ ᠡᠯ᠎ᠡ ᠤᠯᠤᠰ ᠤᠨ ᠠᠮᠤᠷ ᠲᠦᠪᠰᠢᠨ ᠤ ᠲᠤᠬᠠᠢ ᠵᠦᠢ ᠶᠣᠰᠣᠨ ᠤ ᠠᠩᠬᠠᠷᠤᠯ ᠢ ᠴᠢᠬᠤᠯᠠᠴᠢᠯᠠᠵᠤ᠂ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠨᠠᠶᠢᠷᠠᠮᠳᠠᠯ ᠤᠨ ᠠᠷᠭ᠎ᠠ ᠭᠡᠯᠪᠡᠷᠢ ᠪᠠᠷ ᠤᠯᠤᠰ ᠤᠨ ᠬᠤᠭᠤᠷᠣᠨᠳᠣᠭᠢ ᠵᠥᠷᠢᠯᠳᠦᠭᠡᠨ ᠪᠠ ᠮᠠᠷᠭᠤᠯᠳᠤᠭᠠᠨ ᠢ ᠰᠢᠢᠳᠪᠦᠷᠢᠯᠡᠪᠡᠯ ᠵᠣᠬᠢᠨ᠎ᠠ᠃ ᠪᠦᠭᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠡᠮᠬᠢ ᠵᠢᠷᠤᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠳᠤ ᠪᠠᠲᠤᠯᠠᠭ᠎ᠠ ᠬᠠᠩᠭᠠᠶ᠎ᠠ᠃    ᠬᠤᠶᠠᠳᠤᠭᠠᠷ ᠲᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠪᠢᠳᠡ ᠨᠡᠭᠡᠭᠡᠯᠲᠡᠲᠤ ᠣᠷᠣᠨ ᠪᠦᠰᠡ ᠶᠢᠨ ᠦᠵᠡᠯ ᠢ ᠪᠠᠷᠢᠮᠲᠠᠯᠠᠵᠤ᠂ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠨᠡᠩ ᠨᠢᠭᠲᠠ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢᠨ ᠠᠬᠢᠴᠠ ᠶᠢ ᠯᠠᠪᠳᠠᠭᠤᠨ ᠢᠶᠠᠷ ᠠᠬᠢᠭᠤᠯᠵᠤ᠂ ᠥᠨᠳᠥᠷ ᠲᠦᠪᠰᠢᠨ ᠪᠦᠬᠦᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠡᠷᠲᠡᠬᠡᠨ ᠪᠠᠶᠢᠭᠤᠯᠤᠶ᠎ᠠ᠃ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠠᠷᠢᠮᠲᠠᠯᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ︽ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾᠎ ᠢ ᠪᠦᠭᠦ ᠲᠠᠯ᠎ᠠ ᠪᠠᠷ ᠴᠢᠨᠠᠷ ᠰᠠᠶᠢᠲᠠᠢ ᠬᠡᠷᠡᠭᠵᠢᠭᠦᠯᠵᠦ᠂ ︽ᠪᠦᠭᠦ ᠲᠠᠯ᠎ᠠ ᠬᠢᠭᠡᠳ ᠳᠠᠪᠰᠢᠯᠲᠠ ᠲᠠᠢ ᠨᠣᠮᠣᠬᠠᠨ ᠲᠡᠯᠡᠶ ᠶᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠪᠣᠯᠣᠨ ︽ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾᠎ ᠲᠤ ᠣᠷᠤᠯᠴᠠᠬᠤ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠢᠷᠡᠬᠦ ᠵᠢᠯ ᠳᠤ᠂ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠣᠳᠣᠯᠬᠢᠯᠠᠵᠤ ᠪᠤᠢ᠃    ᠭᠤᠷᠪᠠᠳᠤᠭᠠᠷ ᠲᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠪᠢᠳᠡ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠠᠴᠢᠯᠠᠭᠰᠠᠨ ᠪᠣᠬᠢᠷᠳᠤᠯ ᠦᠭᠡᠢ ᠵᠣᠬᠢᠴᠠᠩᠭᠤᠢ ᠬᠥᠭᠵᠢᠯᠲᠡ ᠶᠢ ᠲᠦᠷᠭᠡᠳᠬᠡᠵᠦ᠂ ᠡᠨᠧᠷᠭᠢ ᠡᠬᠢ ᠪᠠᠶᠠᠯᠢᠭ᠂ ᠠᠵᠤ ᠦᠢᠯᠡᠰ ᠤᠨ ᠪᠦᠲᠦᠴᠡ᠂ ᠬᠡᠷᠡᠭᠯᠡᠭᠡ ᠶᠢᠨ ᠪᠦᠲᠦᠴᠡ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠭᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠤᠨ ᠬᠢᠨ ᠠᠮᠢᠳᠤ ᠪᠣᠳᠠᠰ ᠤᠨ ᠣᠷᠴᠢᠯᠲᠤ ᠪᠣᠬᠢᠷᠳᠤᠯ ᠦᠭᠡᠢ ᠠᠵᠤ ᠠᠬᠤᠢ ᠶᠢᠨ ᠪᠠᠩᠺᠤᠺ ᠤᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠳᠡᠮᠵᠢᠯᠭᠡ ᠬᠠᠩᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢ ᠬᠠᠮᠵᠢᠯᠴᠠᠨ ᠠᠬᠢᠭᠤᠯᠤᠨ᠎ᠠ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠤᠯᠤᠰ ᠤᠳ ᠤᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠶᠠᠳᠠᠭᠤ ᠶᠢ ᠪᠠᠭᠠᠰᠬᠠᠬᠤ᠂ ᠠᠮᠤ ᠪᠤᠳᠠᠭ᠎ᠠ᠂ ᠡᠨᠧᠷᠭᠢ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ ᠤᠭᠲᠤᠵᠤ ᠪᠠᠶᠢᠨ᠎ᠠ᠃    ᠳᠥᠷᠪᠡᠳᠦᠭᠡᠷ ᠲᠤ᠂ ᠬᠤᠪᠢ ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠪᠢᠳᠡ ᠪᠠᠶᠢᠯᠳᠤᠬᠤ ᠪᠣᠳᠣᠯᠭ᠎ᠠ ᠪᠠ ᠠᠯᠤᠰ ᠭᠡᠳᠤ ᠶᠢᠨ ᠬᠠᠷᠠᠴᠠ ᠪᠠᠷ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠳᠤ ᠬᠠᠨᠳᠤᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠳᠠᠬᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠣᠯ ᠠᠷᠭ᠎ᠠ ᠵᠠᠮ ᠤᠨ ᠪᠠᠶᠢᠷᠢ ᠰᠠᠭᠤᠷᠢ ᠶᠢ ᠬᠠᠮᠠᠭᠠᠯᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠵᠥᠪ ᠴᠢᠭᠯᠡᠯ ᠢ ᠬᠠᠮᠠᠭᠠᠯᠠᠶ᠎ᠠ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠵᠠᠷᠴᠢᠮ ᠢ ᠪᠠᠷᠢᠮᠲᠠᠯᠠᠵᠤ᠂ ᠬᠠᠷᠢᠯᠴᠠᠨ ᠢᠲᠡᠭᠡᠯᠴᠡᠬᠦ᠂ ᠪᠠᠭᠲᠠᠭᠠᠮᠵᠢᠲᠠᠢ᠂ ᠬᠠᠮᠲᠤᠷᠠᠯᠴᠠᠬᠤ᠂ ᠬᠠᠮᠲᠤ ᠪᠠᠷ ᠠᠰᠢᠭ ᠭᠦᠷᠲᠡᠭᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠡᠭᠡ ᠭᠡᠷ ᠪᠦᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠡᠶᠢᠰᠢ ᠲᠠᠰᠤᠷᠠᠯᠲᠠ ᠦᠭᠡᠢ ᠤᠷᠤᠭᠰᠢᠯᠠᠶ᠎ᠠ ᠭᠡᠵᠦ ᠳᠤᠷᠠᠳᠪᠠ︕     ᠰᠢ ᠶᠢᠨ ᠫᠢᠩ᠂ ᠳᠡᠭᠡᠷ᠎ᠡ ᠰᠠᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠳᠤᠮᠳᠠᠳᠤ ᠤᠯᠤᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ᠂ ᠵᠢᠷᠤᠭ ᠲᠥᠰᠥᠪ ᠢ ᠲᠥᠯᠥᠪᠵᠢᠭᠦᠯᠵᠡᠢ᠃ ᠳᠤᠮᠳᠠᠳᠤ ᠤᠯᠤᠰ ᠳᠤᠷᠠᠲᠠᠶ᠎ᠠ ᠪᠤᠢ ᠪᠦᠬᠦᠢ ᠤᠯᠤᠰ ᠲᠠᠢ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤ ᠪᠠᠷ ᠬᠥᠭᠵᠢᠨ᠎ᠡ᠃ ᠳᠤᠮᠳᠠᠳᠤ ᠤᠯᠤᠰ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ᠂ ᠦᠷᠭᠦᠯᠵᠢᠯᠡᠨ ᠳᠡᠯᠡᠬᠡᠢ ᠳ᠋ᠠᠬᠢᠨ ᠢᠯᠠᠩᠭᠤᠶ᠎ᠠ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠲᠠᠢ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠨ᠎ᠠ ᠭᠡᠵᠦ ᠴᠢᠬᠤᠯᠠᠴᠢᠯᠠᠪᠠ᠃     ᠰᠢ ᠶᠢᠨ ᠫᠢᠩ ᠶᠠᠷᠢᠶᠠᠨ ᠤ ᠪᠠᠨ ᠡᠴᠦᠰ ᠲᠤ᠂ ᠲᠠᠢ ᠤᠯᠤᠰ ᠲᠤ᠄ ︽ᠶᠠᠮᠠᠷ ᠦᠷ᠎ᠡ ᠰᠠᠴᠤᠪᠠᠯ ᠶᠠᠮᠠᠷ ᠵᠢᠮᠢᠰ ᠬᠤᠷᠢᠶᠠᠬᠤ ᠶᠤᠮ︾ ᠭᠡᠬᠦ ᠬᠡᠯᠡᠯᠭᠡ ᠪᠤᠢ᠃ ᠪᠢᠳᠡ ᠨᠢᠭᠡᠨᠲᠡ ᠪᠦᠲ᠋ᠧᠯᠠᠵᠢᠶᠠ ᠶᠢᠨ ᠠᠯᠤᠰ ᠤᠨ ᠲᠥᠯᠥᠪ ᠤᠨ ᠦᠷ᠎ᠡ ᠶᠢ ᠬᠠᠮᠲᠤ ᠪᠠᠷ ᠰᠠᠴᠤᠪᠠ᠂ ᠨᠠᠷᠢᠨ ᠨᠢᠮᠪᠠᠢ ᠪᠤᠶᠢᠵᠢᠭᠤᠯᠵᠤ᠂ ᠬᠠᠮᠲᠤ ᠪᠠᠷ ᠬᠠᠮᠠᠭᠠᠯᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤ ᠶᠢᠨ ᠬᠥᠭᠵᠢᠯ ᠴᠡᠴᠡᠭᠯᠡᠯ ᠤᠨ ᠴᠡᠴᠡᠭ ᠢ ᠪᠤᠶᠢᠵᠢᠭᠤᠯᠤᠶ᠎ᠠ ᠭᠡᠵᠦ ᠵᠢᠭᠠᠵᠤ ᠭᠠᠷᠭᠠᠪᠠ︕    ᠬᠤᠷᠠᠯ ᠢ ᠪᠠ ᠢᠦᠢ ᠡᠷᠭᠢᠯᠡᠵᠥ᠂ ︽ᠨᠡᠭᠡᠭᠡᠯᠲᠡᠲᠡᠢ᠂ ᠬᠤᠯᠪᠣᠯᠳᠤᠨ ᠨᠡᠪᠲᠡᠷᠡᠯᠴᠡᠬᠦ᠂ ᠲᠡᠩᠴᠡᠭᠦᠷᠢᠲᠡᠢ︾ ᠭᠡᠬᠦ ᠪᠠᠷ ᠭᠤᠣᠯ ᠰᠡᠳᠦᠪ ᠪᠣᠯᠭᠠᠪᠠ᠃ 17᠎ ᠤ ᠣᠷᠣᠢ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠬᠠᠮᠲᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠤᠨ ᠤᠭᠲᠤᠯᠭ᠎ᠠ ᠶᠢᠨ ᠣᠷᠣᠢ ᠶᠢᠨ ᠳᠠᠶᠢᠯᠠᠯᠭ᠎ᠠ ᠳᠤ ᠣᠷᠣᠯᠴᠠᠪᠠ᠃    ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1