ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/12/20
ᠥᠷᠭᠡᠨ ᠤᠯᠠᠨ ᠠᠵᠢᠯ ᠬᠢᠵᠦ ᠪᠠᠶᠢᠭ᠎ᠠ ᠤᠯᠠᠨ ᠲᠦᠮᠡᠨ ᠳᠤ ᠄    ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠲᠠᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠬᠠᠩᠭᠠᠬᠤ ᠶᠢᠨ ᠬᠠᠮᠲᠤ᠂ ᠲᠠ  ᠨᠠᠷ ᠪᠣᠯᠣᠨ ᠭᠡᠷ ᠤᠨ ᠬᠥᠮᠥᠰ ᠤᠨ ᠴᠢᠨᠢ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠨᠴᠠᠭᠠᠶᠢᠯᠠᠨ ᠲᠠᠨ ᠳᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠨᠢᠭᠡ᠂ ᠪᠠᠴᠢᠮ ᠪᠤᠰᠤ ᠤᠴᠢᠷ ᠶᠠᠪᠤᠳᠠᠯ  ᠢ ᠲᠦᠷ ᠬᠤᠶᠢᠰᠢᠯᠠᠭᠤᠯᠤᠨ ᠰᠢᠢᠳᠪᠦᠷᠢᠯᠡᠨ᠎ᠡ᠂ ᠬᠥᠮᠥᠨ ᠴᠤᠭᠯᠠᠷᠠᠬᠤ ᠎ ᠠᠴᠠ ᠵᠠᠶᠢᠯᠠᠰᠬᠢᠵᠦ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠬᠡᠷᠪᠡ ᠲᠠᠨ ᠳᠤ ᠪᠠᠴᠢᠮ ᠶᠠᠪᠤᠳᠠᠯ ᠪᠠᠶᠢᠬᠤ ᠦᠭᠡᠢ ᠪᠣᠯ ᠰᠢᠢᠳᠪᠦᠷᠢᠯᠡᠬᠦ ᠶᠢ ᠲᠦᠷ ᠬᠤᠶᠢᠰᠢᠯᠠᠭᠤᠯᠵᠤ᠂ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃    ᠬᠤᠶᠠᠷ᠂ ᠰᠦᠯᠵᠢᠶ᠎ᠡ ᠪᠠᠷ ᠰᠢᠢᠳᠪᠦᠷᠢᠯᠡᠵᠦ ᠪᠣᠯᠬᠤ ᠤᠴᠢᠷ ᠶᠠᠪᠤᠳᠠᠯ ᠢ ᠴᠢᠳᠠᠬᠤ ᠶᠢᠨ ᠳᠣᠲᠣᠷ᠎ᠠ ᠰᠦᠯᠵᠢᠶ᠎ᠡ ᠪᠠᠷ ᠭᠦᠢᠴᠡᠳᠬᠡᠨ᠎ᠡ᠂ ᠪᠠᠴᠢᠮ ᠬᠡᠷᠡᠭ ᠶᠠᠪᠤᠳᠠᠯ ᠤᠨ ᠲᠤᠬᠠᠢ᠂ ᠪᠢᠳᠡ ᠲᠠᠨ ᠳᠤ ᠳᠣᠣᠷᠠᠬᠢ ᠮᠡᠲᠦ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠠᠷᠭ᠎ᠠ ᠮᠠᠶ᠋ᠢᠭ ᠢ ᠬᠠᠩᠭᠠᠨ᠎ᠠ᠄    1. ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠶᠤᠸᠠᠨ ᠪᠦᠦ ᠱᠠᠨ ᠥᠷᠲᠡᠭᠡ︾ ︵ https://zwfw.nmg.gov.cn/city_index.regionCode=150403000&record=istrue︶᠎ ᠳᠤ ᠭᠠᠷᠴᠤ᠂ ᠰᠦᠯᠵᠢᠶᠡᠨ ᠳᠡᠭᠡᠷ᠎ᠡ ᠡᠷᠡᠮᠡᠯᠵᠡᠯᠡᠨ ᠮᠡᠳᠡᠭᠦᠯᠬᠦ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠰᠦᠯᠵᠢᠶᠡᠨ ᠳᠡᠭᠡᠷ᠎ᠡ ᠭᠦᠢᠴᠡᠳᠬᠡᠨ᠎ᠡ᠃    2. ︽ ᠮᠥᠩᠬᠡ ᠰᠤᠪᠠᠭ︾᠎ ᠤᠨ ᠭᠠᠷ ᠤᠲᠠᠰᠤᠨ ᠤ APP᠎ ᠶᠢ ᠪᠠᠭᠤᠯᠭᠠᠨ ᠠᠪᠴᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠰᠦᠯᠵᠢᠶᠡᠨ ᠳᠡᠭᠡᠷ᠎ᠡ ᠭᠦᠢᠴᠡᠳᠬᠡᠨ᠎ᠡ᠃ ᠦᠨᠡᠬᠡᠷ ᠲᠤᠬᠠᠢ ᠶᠢᠨ ᠲᠠᠯᠠᠪᠤᠷ ᠲᠤ ᠬᠦᠷᠴᠦ ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠠᠩᠬᠠᠷᠴᠤ᠂ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠵᠢᠯ ᠶᠠᠪᠤᠳᠠᠯ ᠭᠦᠢᠴᠡᠳᠬᠡᠬᠦ ᠦᠭᠡᠢ ᠬᠥᠮᠥᠰ ᠤᠨ ᠪᠠᠷ᠎ᠠ ᠪᠣᠯᠬᠤ ᠶᠢ ᠪᠠᠭᠠᠰᠬᠠᠬᠤ ᠬᠡᠷᠡᠭᠲᠡᠢ᠃ ᠶᠡᠭᠡ ᠲᠢᠩᠬᠢᠮ ᠳᠤ ᠢᠷᠡᠬᠦ ᠠᠴᠠ ᠪᠠᠨ ᠡᠮᠦᠨ᠎ᠡ ᠂ ᠪᠡᠶ᠎ᠡ ᠶᠢᠨ ᠳᠤᠯᠠᠭᠠᠨ ᠢᠶᠠᠨ ᠥᠪᠡᠷ ᠢᠶᠠᠨ ᠬᠡᠮᠵᠢᠵᠦ ᠂ ᠬᠠᠯᠠᠭᠤᠷᠠᠬᠤ ᠂ ᠬᠠᠭᠤᠷᠠᠢ ᠪᠠᠷ ᠬᠠᠨᠢᠶᠠᠬᠤ ᠂ ᠲᠠᠮᠢᠷᠳᠠᠬᠤ ᠂ ᠬᠤᠭᠤᠯᠠᠢ ᠡᠪᠡᠳᠬᠦ ᠂ ᠦᠨᠦᠷᠯᠡᠬᠦ ᠰᠡᠷᠡᠯ ᠮᠠᠭᠤᠳᠠᠬᠤ ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠦᠭᠡᠢ ᠪᠠᠶᠢᠬᠤ ᠶᠢ ᠲᠣᠳᠣᠯᠠᠵᠤ ᠂ ᠥᠪᠡᠷ ᠤᠨ ᠪᠡᠶ᠎ᠡ ᠶᠢᠨ ᠠᠷᠭ᠎ᠠ ᠪᠤᠰᠤ ᠬᠠᠯᠳᠠᠪᠤᠷᠢᠯᠠᠭᠰᠠᠳ ᠪᠤᠶᠤ ᠡᠳᠡᠭᠡᠷᠡᠯᠲᠡ ᠶᠢᠨ ᠬᠤᠭᠤᠴᠠᠭᠠᠨ ᠳᠤ ᠪᠠᠶᠢᠭ᠎ᠠ ᠨᠢᠭᠡᠨᠲᠡ ᠬᠠᠯᠳᠠᠪᠤᠷᠢᠯᠠᠭᠳᠠᠭᠰᠠᠳ ᠢ ᠲᠣᠳᠣᠯᠠᠨ᠎ᠠ ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠭᠤᠴᠠᠭᠠᠨ ᠳᠤ᠂ ᠠᠮᠤᠷ ᠲᠦᠪᠰᠢᠨ ᠤ ᠬᠠᠮᠠᠭᠠᠯᠠᠯᠲᠠ ᠶᠢ ᠠᠩᠬᠠᠷᠴᠤ᠂ ᠪᠥᠬᠦ ᠶᠠᠪᠤᠴᠠ ᠳᠤ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠳᠤ ᠬᠡᠷᠡᠭᠯᠡᠬᠦ ᠠᠮᠠᠪᠴᠢ ᠶᠢ ᠵᠡᠭᠦᠵᠦ᠂ ︽ᠨᠢᠭᠡ ᠮᠧᠲᠷ ᠤᠨ ᠱᠤᠭᠤᠮ︾᠎ ᠤᠨ ᠠᠮᠤᠷ ᠲᠦᠪᠰᠢᠨ ᠤ ᠵᠠᠢ ᠶᠢ ᠴᠢᠩᠭ᠎ᠠ ᠪᠠᠲᠤᠯᠠᠨ᠂ ᠡᠮᠬᠢ ᠵᠢᠷᠤᠮ ᠲᠠᠢ ᠮᠥᠷᠯᠡᠵᠦ ᠳ᠋ᠤᠭᠠᠷ ᠠᠪᠴᠤ ᠭᠦᠢᠴᠡᠳᠬᠡᠨ᠎ᠡ ᠂ ᠲᠤᠬᠠᠶᠢᠯᠠᠭᠰᠠᠨ ᠠᠵᠢᠯ ᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ ᠳᠠᠷᠤᠶᠢᠬᠠᠨ ᠰᠠᠯᠵᠤ᠂ ᠣᠪᠣᠭᠠᠷᠠᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠃    ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠰᠠᠯᠬᠢ ᠨᠡᠪᠲᠡᠷᠡᠭᠦᠯᠦᠨ ᠠᠷᠢᠭᠤᠳᠬᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ ᠂ ᠲᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠤᠬᠠᠮᠰᠠᠷ ᠠᠴᠠ ᠪᠠᠨ ᠬᠠᠮᠵᠢᠯᠴᠠᠵᠤ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠢ ᠰᠠᠶᠢᠲᠤᠷ ᠬᠢᠵᠦ᠂ ᠪᠢᠳᠡᠨ ᠲᠠᠢ ᠬᠠᠮᠲᠤ ᠪᠠᠷ ᠠᠮᠤᠷ ᠲᠦᠪᠰᠢᠨ ᠪᠥᠭᠡᠳ ᠲᠣᠭᠲᠠᠭᠤᠨ ᠶᠡᠭᠡ ᠲᠢᠩᠬᠢᠮ ᠤᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠂ ᠲᠠᠨ ᠤ ᠣᠶᠢᠯᠠᠭᠠᠵᠤ ᠳᠡᠮᠵᠢᠭᠰᠡᠨ ᠳᠤ ᠪᠠᠶᠠᠷᠯᠠᠯ᠎ᠠ ︕                ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ                ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ                 2022 ᠣᠨ ᠤ 12 ᠰᠠᠷ᠎ᠠ ᠶᠢᠨ 20᠎ ᠤ ᠡᠳᠤᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1