ᠶᠤᠸᠠᠨ ᠪᠦᠦ ᠱᠠᠨ ᠲᠣᠭᠤᠷᠢᠭ ᠤᠨ 2022 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2022/2/18
    ᠵᠠᠯᠠᠭᠤ ᠨᠠᠰᠤᠨ ᠤ ᠴᠤᠭ ᠵᠢᠪᠬᠤᠭ᠎ᠠ ᠪᠠᠳᠠᠷᠠᠩᠭᠤᠶ᠂ ᠴᠡᠷᠢᠭ ᠲᠤ ᠣᠷᠣᠬᠤ ᠨᠢ ᠬᠢᠵᠠᠭᠠᠯᠠᠰᠢ ᠦᠭᠡᠢ ᠢᠷᠠᠭᠤ ᠠᠯᠳᠠᠷ ᠲᠠᠢ ᠶᠤᠮ᠃ ᠳᠡᠭᠡᠳᠦ ᠱᠠᠲᠤᠨ ᠤ ᠴᠡᠷᠢᠭ ᠡᠯᠰᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ 2 ᠳ᠋ᠤᠭᠠᠷ ᠰᠠᠷ᠎ᠠ ᠶᠢᠨ 13᠎ ᠤ ᠡᠳᠦᠷ ᠠᠴᠠ 14᠎ ᠤ ᠡᠳᠦᠷ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠴᠡᠷᠢᠭ ᠡᠯᠰᠡᠬᠦ ᠠᠯᠪᠠᠨ ᠬᠡᠷ ᠠᠴᠠ 2022 ᠣᠨ ᠤ ᠬᠠᠪᠤᠷ ᠤᠨ ᠤᠯᠠᠷᠢᠯ ᠤᠨ ᠴᠡᠷᠢᠭ ᠲᠤ ᠡᠯᠰᠡᠭᠳᠡᠬᠦ ᠵᠠᠯᠠᠭᠤᠴᠤᠳ ᠢ ᠵᠣᠬᠢᠶᠠᠨ ᠪᠠᠶᠢᠭᠤᠯᠵᠤ ᠤᠯᠠᠭᠠᠨᠬᠠᠳᠠ ᠶᠢᠨ ᠪᠦᠦ ᠱᠠᠨ ᠡᠮᠨᠡᠯᠭᠡ ᠶᠢᠨ ᠬᠤᠷᠢᠶᠠᠨ ᠤ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠥᠷᠲᠡᠭᠡ ᠳᠤ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠪᠠ ᠬᠠᠮᠲᠤᠷᠠᠭᠰᠠᠨ ᠤᠯᠤᠰ ᠲᠥᠷᠥ ᠶᠢᠨ ᠬᠢᠨᠠᠨ ᠰᠢᠯᠭᠠᠯᠲᠠ ᠬᠢᠯᠭᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠰᠢᠨ ᠢᠦᠢ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠦᠬᠦ ᠶᠠᠪᠤᠴᠠ ᠪᠠᠷ ᠵᠢᠯᠣᠭᠤᠳᠪᠠ᠃     ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ᠂ ᠸᠠᠺᠼᠢᠨ ᠤ ᠲᠠᠷᠢᠯᠭ᠎ᠠ ᠬᠢᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠪᠡᠶ᠎ᠡ ᠶᠢᠨ ᠳᠤᠯᠠᠭᠠᠨ ᠢ ᠬᠡᠮᠵᠢᠬᠦ ᠪᠠ ᠪᠥᠬᠦ ᠶᠠᠪᠤᠴᠠ ᠳᠤ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠠᠭ᠎ᠠ ᠬᠡᠪᠴᠢᠶ᠎ᠡ ᠪᠠᠷ᠂ ᠣᠯᠠᠨ ᠤᠳᠠᠭ᠎ᠠ ᠬᠢᠬᠦ︾ ᠵᠠᠷᠴᠢᠮ ᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ᠪᠡᠶ᠎ᠡ ᠶᠢᠨ ᠪᠠᠶᠢᠴᠠᠭᠠᠯᠲᠠ ᠶᠢᠨ ᠳᠤᠮᠳᠠ᠂ ᠡᠮᠨᠡᠯᠭᠡ ᠶᠢᠨ ᠠᠵᠢᠯᠲᠠᠳ ᠪᠡᠶ᠎ᠡ ᠶᠢᠨ ᠪᠠᠶᠢᠴᠠᠭᠠᠯᠲᠠ ᠶᠢᠨ ᠲᠠᠰ ᠳᠠᠷᠠᠭᠠᠯᠠᠯ᠂ ᠠᠷᠭ᠎ᠠ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠤᠷᠢᠳᠴᠢᠯᠠᠨ ᠡᠯᠰᠡᠬᠦ ᠡᠲᠡᠭᠡᠳ ᠲᠤ ᠳᠣᠲᠣᠷ ᠡᠮᠨᠡᠯᠭᠡ᠂ ᠭᠠᠳᠠᠷ ᠡᠮᠨᠡᠯᠭᠡ᠂ ᠨᠢᠳᠦᠨ ᠤ ᠡᠮᠨᠡᠯᠭᠡ᠂ ᠠᠮᠠᠨ ᠬᠥᠨᠳᠡᠶ ᠵᠡᠷᠭᠡ ᠲᠠᠪᠤᠨ ᠡᠷᠬᠡᠲᠡᠨ ᠤ ᠰᠠᠯᠠᠭ᠎ᠠ᠂ ᠴᠢᠰᠤᠨ ᠳᠠᠷᠤᠯᠲᠠ᠂ ᠰᠡᠳᠬᠢᠴᠡ ᠶᠢᠨ ᠪᠠᠶᠢᠴᠠᠭᠠᠯᠲᠠ ᠵᠡᠷᠭᠡ ᠣᠯᠠᠨ ᠲᠥᠷᠥᠯ ᠵᠦᠢᠯ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠶ ᠬᠢᠭᠰᠡᠨ ᠪᠥᠭᠡᠳ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠪᠦᠷᠢᠯᠳᠦᠬᠦᠨ  ᠨᠢᠭᠡᠴᠢ ᠨᠦᠭᠦᠳ ᠬᠠᠮᠲᠤᠷᠠᠭᠰᠠᠨ ᠤᠯᠤᠰ ᠲᠥᠷᠥ ᠶᠢᠨ ᠬᠢᠨᠠᠨ ᠰᠢᠯᠭᠠᠯᠲᠠ ᠶᠢ ᠵᠡᠷᠭᠡ ᠪᠠᠷ ᠥᠷᠨᠢᠭᠦᠯᠦᠭᠰᠡᠨ ᠪᠠᠶᠢᠨ᠎ᠠ᠃ ᠲᠣᠭᠤᠷᠢᠭ ᠤᠨ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠪᠥᠬᠦ ᠶᠠᠪᠤᠴᠠ ᠶᠢᠨ ᠲᠤᠬᠠᠶ ᠶᠢᠨ ᠲᠠᠯᠠᠪᠤᠷ ᠤᠨ ᠬᠢᠨᠠᠯᠲᠠ ᠲᠠᠯᠪᠢᠨ᠎ᠠ᠃      ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠴᠡᠷᠢᠭ ᠡᠯᠰᠡᠬᠦ ᠠᠯᠪᠠᠨ ᠬᠡᠷ ᠠᠴᠠ ᠪᠡᠶ᠎ᠡ ᠶᠢᠨ ᠪᠠᠶᠢᠴᠠᠭᠠᠯᠲᠠ ᠶᠢᠨ ᠪᠠᠶᠢᠳᠠᠯ ᠢ ᠦᠵᠡᠵᠦ ᠪᠠᠶᠢᠭᠠᠳ ᠳᠠᠬᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠶᠢᠨ ᠬᠠᠮᠲᠤ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠵᠠᠯᠠᠭᠤᠴᠤᠳ ᠲᠤ ᠤᠯᠤᠰ ᠲᠥᠷᠥ ᠶᠢᠨ ᠬᠢᠨᠠᠨ ᠰᠢᠯᠭᠠᠯᠲᠠ ᠪᠠ ᠴᠡᠷᠢᠭ ᠤᠨ ᠠᠯᠪᠠ ᠠᠴᠠ ᠡᠮᠦᠨᠡᠬᠢ ᠬᠥᠮᠦᠵᠢᠯ ᠪᠣᠯᠪᠠᠰᠤᠷᠠᠯ ᠬᠢᠵᠦ᠂ ᠬᠠᠷᠢᠴᠠᠯ ᠶᠣᠰᠣᠭᠠᠷ ᠰᠢᠯᠢᠳᠡᠭ ᠢ ᠨᠢ ᠰᠣᠩᠭᠤᠨ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠰᠢᠯᠭᠠᠯᠲᠠ ᠳᠤ ᠬᠤᠤᠰ ᠬᠢᠷᠢ ᠲᠡᠩᠴᠡᠭᠰᠡᠨ ᠵᠠᠯᠠᠭᠤᠴᠤᠳ ᠢ ᠲᠣᠭᠲᠠᠭᠠᠵᠤ᠂ ᠣᠨ ᠤ ᠴᠡᠷᠢᠭ ᠡᠯᠰᠡᠬᠦ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃
      ᠡᠬᠡ ᠪᠢᠴᠢᠭ / ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠫᠧᠩ ᠴᠢᠩ ᠰᠢᠨ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1