| | ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠶᠤᠸᠠᠨ ᠪᠣᠥ ᠱᠠᠨ ᠵᠠᠰᠠᠭ ᠲᠠᠷᠬᠠᠭᠠᠭᠰᠠᠨ〔2022〕8 ᠳ᠋ᠤᠭᠠᠷ ᠲᠣᠭᠠᠲᠤ | | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠶ | ᠰᠢᠭᠤᠢ ᠶᠢᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ | | ᠭᠠᠯ ᠤᠨ ᠠᠶᠤᠯ ᠡᠭᠦᠰᠬᠦ ᠶᠢ ᠪᠦᠲᠦᠮᠵᠢᠲᠡᠢ ᠰᠡᠷᠭᠡᠶᠢᠯᠡᠵᠦ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ | ᠪᠣᠯᠣᠨ ᠤᠢ ᠰᠢᠭᠤᠢ ᠶᠢᠨ ᠡᠬᠢ ᠪᠠᠶᠠᠯᠢᠭ ᠤᠨ ᠠᠶᠤᠯ ᠦᠭᠡᠢ ᠶᠢ ᠬᠠᠮᠠᠭᠠᠯᠠᠬᠤ ᠶᠢᠨ ᠲᠤᠰᠠᠳᠠ ᠂ ︽ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ ᠬᠠᠤᠯᠢ ︾ ᠪᠣᠯᠣᠨ ︽ ᠤᠢ ᠰᠢᠭᠤᠢ ᠶᠢᠨ ᠭᠠᠯ | ᠰᠡᠷᠭᠡᠶᠢᠯᠡᠬᠦ ᠳᠦᠷᠢᠮ ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠮᠠᠨ ᠤ ᠲᠣᠭᠤᠷᠢᠭ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠶᠤᠸᠠᠨ ᠪᠦᠦ ᠱᠠᠨ ᠲᠣᠭᠤᠷᠢᠭ ᠤᠨ ᠤᠢ ᠰᠢᠭᠤᠢ ᠶᠢᠨ ᠭᠠᠯ ᠰᠡᠷᠭᠡᠶᠢᠯᠡᠬᠦ | ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠣᠨᠴᠠᠭᠠᠶᠢᠯᠠᠨ ᠨᠡᠶᠢᠲᠡᠯᠡᠪᠡ ᠄ | ᠨᠢᠭᠡ ᠂ ᠪᠦᠬᠦ ᠲᠣᠭᠤᠷᠢᠭ ᠤᠨ ᠬᠡᠪᠴᠢᠶ᠎ᠡ ᠪᠠᠷ ᠤᠢ ᠰᠢᠭᠤᠢ ᠶᠢᠨ ᠭᠠᠯ ᠰᠡᠷᠭᠡᠶᠢᠯᠡᠬᠦ ᠣᠷᠣᠨ ᠪᠣᠯᠭᠠᠨ᠎ᠠ ᠃ | ᠬᠤᠶᠠᠷ ᠂ ᠵᠢᠯ ᠪᠦᠷᠢ ᠶᠢᠨ 9 ᠳ᠋ᠣᠭᠡᠷ ᠰᠠᠷ᠎ᠠ ᠶᠢᠨ 15 ᠤ ᠡᠳᠦᠷ ᠠᠴᠠ ᠲᠠᠷᠠᠭ᠎ᠠ ᠵᠢᠯ ᠤᠨ 6 ᠳ᠋ᠤᠭᠠᠷ | ᠰᠠᠷ᠎ᠠ ᠶᠢᠨ 15 ᠤ ᠡᠳᠦᠷ ᠬᠦᠷᠲᠡᠯ᠎ᠡ ᠪᠣᠯ ᠤᠢ ᠰᠢᠭᠤᠢ ᠶᠢᠨ ᠭᠠᠯ ᠰᠡᠷᠭᠡᠶᠢᠯᠡᠬᠦ ᠬᠤᠭᠤᠴᠠᠭ᠎ᠠ ᠪᠣᠯᠣᠨ᠎ᠠ ᠂ ᠡᠭᠦᠨ | ᠳᠤ ᠵᠢᠯ ᠪᠦᠷᠢ ᠶᠢᠨ 10 ᠳ᠋ᠤᠭᠠᠷ ᠰᠠᠷ᠎ᠠ ᠶᠢᠨ 15 ᠤ ᠡᠳᠦᠷ ᠠᠴᠠ ᠲᠠᠷᠠᠭ᠎ᠠ ᠵᠢᠯ ᠤᠨ 5 ᠳ᠋ᠤᠭᠠᠷ ᠰᠠᠷ᠎ᠠ ᠶᠢᠨ 15 | ᠤ ᠡᠳᠦᠷ ᠬᠦᠷᠲᠡᠯ᠎ᠡ ᠪᠣᠯ ᠤᠢ ᠰᠢᠭᠤᠢ ᠶᠢᠨ ᠭᠠᠯ ᠤᠨ ᠠᠶᠤᠯ ᠶᠡᠬᠡᠲᠡᠢ ᠬᠤᠭᠤᠴᠠᠭ᠎ᠠ ᠪᠣᠯᠣᠨ᠎ᠠ ᠃ | ᠭᠤᠷᠪᠠ ᠂ ᠤᠢ ᠰᠢᠭᠤᠢ ᠶᠢᠨ ᠭᠠᠯ ᠰᠡᠷᠭᠡᠶᠢᠯᠡᠬᠦ ᠬᠤᠭᠤᠴᠠᠭᠠᠨ ᠳᠤ ᠤᠢ ᠰᠢᠭᠤᠢ ᠶᠢᠨ ᠭᠠᠯ ᠰᠡᠷᠭᠡᠶᠢᠯᠡᠬᠦ | ᠣᠷᠣᠨ ᠳᠤ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ ; ᠤᠢ ᠰᠢᠭᠤᠢ ᠶᠢᠨ ᠭᠠᠯ ᠤᠨ | ᠠᠶᠤᠯ ᠶᠡᠬᠡᠲᠡᠢ ᠬᠤᠭᠤᠴᠠᠭᠠᠨ ᠳᠤ᠂ ᠪᠥᠬᠦ ᠲᠣᠭᠤᠷᠢᠭ ᠤᠨ ᠬᠡᠪᠴᠢᠶᠡᠨ ᠳᠤ ᠭᠠᠯ ᠰᠡᠷᠭᠡᠶᠢᠯᠡᠬᠦ ᠴᠢᠩᠭ᠎ᠠ | ᠰᠡᠷᠭᠡᠶᠢᠯᠡᠯᠲᠡ ᠶᠢ ᠬᠡᠷᠡᠭᠵᠢᠭᠦᠯᠵᠦ ᠂ ᠠᠲᠠᠷ ᠰᠢᠲᠠᠭᠠᠬᠤ ᠂ ᠡᠪᠡᠰᠦ ᠰᠢᠲᠠᠭᠠᠬᠤ ᠂ ᠭᠠᠵᠠᠷ ᠤᠨ ᠬᠦᠪᠡᠭᠡ ᠰᠢᠲᠠᠭᠠᠬᠤ ᠂ | ᠲᠠᠷᠢᠶᠠᠨ ᠲᠠᠯᠠᠩ ᠂ ᠡᠰᠢ ᠰᠦᠷᠡᠯ ᠰᠢᠲᠠᠭᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠂ | ᠪᠤᠯᠠᠰᠢᠨ ᠳᠤ ᠭᠠᠷᠴᠤ ᠴᠠᠭᠠᠰᠤ ᠰᠢᠲᠠᠭᠠᠬᠤ ᠂ ᠬᠡᠭᠡᠷ᠎ᠡ ᠬᠤᠭᠤᠯᠠᠯᠠᠬᠤ ᠂ ᠬᠡᠭᠡᠷ᠎ᠡ ᠭᠠᠳᠠᠨ᠎ᠠ ᠲᠠᠮᠠᠬᠢ ᠲᠠᠲᠠᠬᠤ ᠂ | ᠬᠠᠯᠠᠭᠠᠵᠤ ᠳᠤᠯᠠᠭᠠᠴᠠᠬᠤ ᠂ ᠳᠤᠷ᠎ᠠ ᠪᠠᠷ ᠢᠶᠠᠨ ᠭᠠᠯ ᠠᠰᠠᠭᠠᠬᠤ᠂ ᠢᠯᠡ ᠭᠠᠯ ᠢᠶᠠᠷ ᠰᠢᠷᠠᠬᠤ ᠲᠡᠷᠭᠡ ᠂ ᠫᠤᠤ | ᠵᠡᠪᠰᠡᠭ ᠢᠶᠠᠷ ᠠᠩ ᠠᠩᠨᠠᠬᠤ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠢ ᠭᠠᠯ ᠬᠡᠷᠡᠭᠯᠡᠬᠦ ᠵᠢᠴᠢ ᠵᠥᠪᠰᠢᠶᠡᠷᠡᠯ | ᠣᠯᠣᠭᠰᠠᠨ ᠦᠭᠡᠢ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠪᠠᠭᠲᠠᠭᠠᠭᠰᠠᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ | ᠴᠢᠩᠭ᠎ᠠ ᠴᠠᠭᠠᠵᠠᠯᠠᠨ᠎ᠠ ᠃ | ᠳᠥᠷᠪᠡ ᠂ ᠤᠢ ᠰᠢᠭᠤᠢ ᠶᠢᠨ ᠭᠠᠯ ᠰᠡᠷᠭᠡᠶᠢᠯᠡᠬᠦ ᠬᠤᠭᠤᠴᠠᠭᠠᠨ ᠳᠤ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ | ᠬᠡᠷᠡᠭᠯᠡᠭᠰᠡᠨ ᠪᠠᠶᠢᠪᠠᠯ ᠂ ︽ ᠤᠢ ᠰᠢᠭᠤᠢ ᠶᠢᠨ ᠭᠠᠯ ᠰᠡᠷᠭᠡᠶᠢᠯᠡᠬᠦ ᠳᠦᠷᠢᠮ ︾ ᠤᠨ ᠲᠣᠭᠲᠠᠭᠠᠯ ᠢ ᠦᠨᠳᠦᠰᠦᠯᠡᠨ | ᠬᠤᠪᠢ ᠬᠥᠮᠥᠨ ᠢ 200 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠬᠡᠵᠦ᠂ ᠨᠢᠭᠡᠴᠢ ᠶᠢ ᠨᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ᠂ ᠵᠠᠷᠯᠢᠭᠳᠠᠵᠤ ᠪᠠᠶᠢᠭᠠᠳ ᠮᠣᠳᠣ ᠨᠥᠬᠦᠵᠦ | ᠳᠠᠷᠢᠭᠤᠯᠤᠨ᠎ᠠ ; ᠤᠢ ᠰᠢᠭᠤᠢ ᠶᠢᠨ ᠭᠠᠯ ᠤᠨ ᠠᠶᠤᠯ ᠤᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠂ | ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠵᠥᠷᠢᠴᠡᠵᠦ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠳᠣᠣᠷ᠎ᠠ | ᠬᠠᠥᠯᠢ ᠪᠠᠷ ᠨᠡᠶᠢᠳᠡᠯᠡᠭᠰᠡᠨ ᠲᠣᠭᠲᠠᠭᠠᠯ ᠢ ᠦᠯᠦ ᠳᠠᠭᠠᠭᠰᠠᠨ ᠢᠶᠠᠷ ᠵᠠᠷᠯᠢᠭ ᠢᠶᠠᠷ ᠴᠢᠩᠭ᠎ᠠ ᠰᠢᠢᠳᠬᠡᠨ᠎ᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ | ᠰᠢᠢᠳᠬᠡᠯ ᠤᠨ ᠬᠠᠤᠯᠢ ︾ ᠶᠢᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠂ 5 ᠡᠳᠦᠷ ᠠᠴᠠ ᠳᠡᠭᠡᠭᠰᠢ | 10 ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠬᠡᠵᠦ᠂ 500 ᠲᠥᠭᠦᠷᠢᠭ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠢᠳᠬᠡᠵᠦ ᠪᠣᠯᠣᠨ᠎ᠠ ; ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠂ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ | ᠲᠠᠪᠤ ᠂ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠭᠠᠯ ᠰᠡᠷᠭᠡᠶᠢᠯᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ ᠂ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ ᠂ ᠲᠣᠭᠤᠷᠢᠨ ᠪᠠᠶᠢᠴᠠᠭᠠᠬᠤ ᠪᠠ ᠬᠢᠨᠠᠨ | ᠬᠠᠮᠢᠶᠠᠷᠬᠤ ᠡᠷᠴᠢᠮ ᠢᠶᠠᠨ ᠨᠡᠮᠡᠭᠳᠡᠭᠦᠯᠦᠨ ᠂ ᠤᠢ ᠰᠢᠭᠤᠢ ᠶᠢᠨ ᠭᠠᠯ ᠤᠨ ᠠᠶᠤᠯ ᠤᠨ ᠭᠡᠮ ᠰᠤᠭᠤᠭ ᠢ ᠥᠨᠡᠨ ᠬᠦ | ᠪᠠᠶᠢᠴᠠᠭᠠᠨ ᠴᠡᠭᠴᠡᠯᠡᠵᠦ ᠂ ᠤᠢ ᠰᠢᠭᠤᠢ ᠶᠢᠨ ᠣᠷᠣᠨ ᠳᠤ ᠭᠠᠯ ᠤᠨ ᠵᠦᠢᠯ ᠣᠷᠣᠬᠤ ᠶᠢ ᠴᠢᠩᠭ᠎ᠠ ᠴᠠᠭᠠᠵᠠᠯᠠᠵᠤ ᠂ | ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ᠃ | ᠵᠢᠷᠭᠤᠭ᠎ᠠ ᠂ ᠤᠢ ᠰᠢᠭᠤᠢ ᠂ ᠤᠢ ᠮᠣᠳᠣ ᠂ ᠰᠢᠭᠤᠶᠢᠲᠤ ᠭᠠᠵᠠᠷ ᠤᠨ ᠡᠵᠡᠩᠨᠡᠯᠲᠡ ᠶᠢᠨ ᠨᠢᠭᠡᠴᠢ ᠪᠣᠯᠣᠨ ᠬᠤᠪᠢ | ᠬᠥᠮᠥᠨ ᠵᠢᠴᠢ ᠰᠢᠭᠤᠶᠢᠲᠤ ᠭᠠᠵᠠᠷ ᠤᠨ ᠡᠷᠬᠢᠨ ᠲᠣᠭᠤᠷᠢᠨ ᠤ ᠠᠵᠤ ᠠᠬᠤᠶᠢᠯᠠᠯ ᠤᠳ ᠡᠵᠡᠩᠨᠡᠯᠲᠡ ᠶᠢᠨ ᠬᠡᠪᠴᠢᠶᠡᠨ | ᠳᠣᠲᠣᠷ᠎ᠠ ᠪᠠᠨ ᠤᠢ ᠰᠢᠭᠤᠢ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ ᠂ ᠤᠢ | ᠰᠢᠭᠤᠢ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠂ ᠤᠢ ᠰᠢᠭᠤᠢ ᠶᠢᠨ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠣᠷᠣᠨ ᠢ ᠵᠠᠭᠠᠭᠯᠠᠨ ᠲᠣᠭᠲᠠᠭᠠᠵᠤ ᠂ ᠤᠢ ᠰᠢᠭᠤᠢ ᠶᠢᠨ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠬᠥᠮᠥᠨ ᠢ ᠲᠣᠭᠲᠠᠭᠠᠵᠤ ᠂ ᠤᠢ ᠰᠢᠭᠤᠢ ᠶᠢᠨ ᠭᠠᠯ ᠰᠡᠷᠭᠡᠶᠢᠯᠡᠬᠦ ᠲᠥᠬᠦᠭᠡᠷᠦᠮᠵᠢ ᠪᠣᠯᠣᠨ | ᠪᠠᠭᠠᠵᠢ ᠬᠡᠷᠡᠭᠰᠡᠯ ᠢ ᠲᠣᠬᠢᠷᠠᠭᠤᠯᠵᠤ ᠂ ᠤᠢ ᠰᠢᠭᠤᠢ ᠶᠢᠨ ᠭᠠᠯ ᠰᠡᠷᠭᠡᠶᠢᠯᠡᠬᠦ ᠰᠡᠷᠡᠮᠵᠢ ᠶᠢᠨ ᠤᠬᠠᠭᠤᠯᠭ᠎ᠠ ᠶᠢᠨ | ᠲᠡᠮᠳᠡᠭ ᠲᠠᠯᠪᠢᠬᠤ ᠬᠡᠷᠡᠭᠲᠡᠢ ᠃ ᠣᠢ ᠰᠢᠭᠤᠢ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠂ | ᠰᠡᠷᠡᠮᠵᠢᠯᠡᠭᠦᠯᠬᠦ ᠤᠬᠠᠭᠤᠯᠭ᠎ᠠ ᠶᠢᠨ ᠲᠡᠮᠳᠡᠭ ᠲᠠᠯᠪᠢᠭᠰᠠᠨ ᠦᠭᠡᠢ ᠪᠣᠯ ︽ ᠣᠢ ᠰᠢᠭᠤᠢ ᠶᠢᠨ ᠭᠠᠯ ᠰᠡᠷᠭᠡᠶᠢᠯᠡᠬᠦ | ᠳᠦᠷᠢᠮ ︾ ᠤᠨ ᠳᠥᠴᠢᠨ ᠨᠠᠢᠮᠠᠳᠤᠭᠠᠷ ᠵᠦᠢᠯ ᠪᠣᠯᠣᠨ ᠲᠠᠪᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ | ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | ᠲᠤᠯᠤᠭ᠎ᠠ ᠂ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠥᠨ ᠤᠢ ᠰᠢᠭᠤᠢ ᠶᠢᠨ ᠭᠠᠯ ᠰᠡᠷᠭᠡᠶᠢᠯᠡᠬᠦ | ᠪᠠᠶᠢᠴᠠᠭᠠᠯᠲᠠ ᠶᠢ ᠬᠦᠯᠢᠶᠡᠬᠦ ᠦᠭᠡᠢ ᠪᠤᠶᠤ ᠤᠢ ᠰᠢᠭᠤᠢ ᠶᠢᠨ ᠭᠠᠯ ᠤᠨ ᠠᠶᠤᠯ ᠤᠨ ᠭᠡᠮ ᠰᠤᠭᠤᠭ ᠢ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠭᠥᠯᠢᠶᠡᠨ ᠠᠪᠤᠭᠰᠠᠨ ᠤ ᠲᠠᠷᠠᠭ᠎ᠠ ᠬᠤᠭᠤᠴᠠᠭ᠎ᠠ ᠬᠡᠲᠦᠷᠡᠲᠡᠯ᠎ᠡ ᠭᠡᠮ | ᠰᠤᠭᠤᠭ ᠢ ᠠᠷᠢᠯᠭᠠᠭᠰᠠᠨ ᠦᠭᠡᠢ ᠪᠣᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ ᠂ ᠰᠡᠷᠡᠮᠵᠢ ᠥᠭᠴᠦ ᠂ ᠬᠤᠪᠢ | ᠬᠥᠮᠥᠨ ᠢ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠢᠳᠬᠡᠵᠦ᠂ ᠨᠢᠭᠡᠴᠢ ᠶᠢ 5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ | ᠨᠠᠢᠮᠠ ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠢ ᠬᠡᠷᠡᠭᠵᠢᠭᠦᠯᠦᠨ᠎ᠡ ᠃ ᠳᠤᠷ᠎ᠠ ᠪᠠᠷ ᠢᠶᠠᠨ ᠬᠡᠭᠡᠷ᠎ᠡ | ᠭᠠᠳᠠᠨ᠎ᠠ ᠭᠠᠯ ᠬᠡᠷᠡᠭᠯᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠦᠷᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠪᠠᠶᠢᠴᠠᠭᠠᠨ ᠥᠨᠡᠨ ᠪᠣᠳᠠᠲᠠᠢ ᠶᠢ ᠲᠣᠳᠣᠯᠠᠭᠠᠳ ᠬᠠᠤᠯᠢ ᠶᠣᠰᠣᠭᠠᠷ ᠰᠢᠳᠬᠡᠭᠰᠡᠨ ᠪᠠᠶᠢᠪᠠᠯ᠂ | ᠠᠷᠠᠳ ᠤᠨ ᠵᠣᠭᠤᠰ ᠢᠶᠠᠷ 500 ᠲᠥᠭᠦᠷᠢᠭ ᠱᠠᠩᠨᠠᠨ᠎ᠠ︔ ᠣᠶ ᠰᠢᠭᠤᠢ ᠶᠢᠨ ᠭᠠᠯ ᠤᠨ ᠭᠠᠮᠰᠢᠭ ᠤᠨ ᠬᠡᠷᠡᠭ ᠢ | ᠢᠯᠡᠴᠢᠯᠡᠨ ᠮᠡᠳᠡᠭᠦᠯᠬᠦ ᠳᠤ ᠬᠡᠷᠡᠭ ᠢᠯᠡᠷᠡᠭᠦᠯᠬᠦ ᠰᠦᠪᠡᠭᠴᠢ ᠬᠠᠩᠭᠠᠵᠤ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠭᠠᠯ ᠤᠨ ᠭᠠᠮᠰᠢᠭ ᠤᠨ ᠬᠡᠷᠡᠭ ᠢ ᠠᠮᠵᠢᠯᠲᠠ ᠲᠠᠢ ᠪᠠᠶᠢᠴᠠᠭᠠᠨ ᠢᠯᠡᠷᠡᠭᠦᠯᠦᠭᠰᠡᠨ ᠪᠠᠶᠢᠪᠠᠯ᠂ | ᠢᠯᠡᠴᠢᠯᠡᠨ ᠮᠡᠳᠡᠭᠦᠯᠬᠦ ᠪᠦᠷᠢ ᠠᠷᠠᠳ ᠤᠨ ᠵᠣᠭᠤᠰ ᠢᠶᠠᠷ 1000 ᠲᠥᠭᠦᠷᠢᠭ ᠱᠠᠩᠨᠠᠨ᠎ᠠ᠃ | ᠢᠯᠡᠴᠢᠯᠡᠨ ᠮᠡᠳᠡᠭᠦᠯᠬᠦ ᠤᠲᠠᠰᠤ᠄ 110 | ᠭᠠᠯ ᠲᠦᠢᠮᠡᠷ ᠤᠨ ᠮᠡᠳᠡᠭᠡ ᠶᠢᠨ ᠤᠲᠠᠰᠤ᠄ 119 12119 | ᠲᠣᠰ ᠵᠠᠷᠯᠢᠭ ᠢ 2022 ᠣᠨ ᠤ 3 ᠰᠠᠷ᠎ᠠ ᠶᠢᠨ 15 ᠤ ᠡᠳᠦᠷ ᠨᠡᠶᠢᠲᠡᠯᠡᠨ ᠬᠡᠷᠡᠭᠵᠢᠭᠦᠯᠵᠦ᠂ ᠤᠤᠯ ᠤᠨ | ᠨᠡᠶᠢᠲᠡᠯᠡᠭᠰᠡᠨ ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ᠠᠶᠠᠨᠳᠠᠭᠠᠨ | ᠬᠦᠴᠦᠨ ᠦᠭᠡᠢ ᠪᠣᠯᠣᠨ᠎ᠠ᠃ | | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ | ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ | 2022 ᠣᠨ ᠤ 3 ᠰᠠᠷ᠎ᠠ ᠶᠢᠨ 15 | | | |