ᠵᠠᠩ ᡁᠢ ᠸᠧᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/17
     4 ᠰᠠᠷ᠎ᠠ ᠶᠢᠨ 11᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂  ᠲᠣᠭᠤᠷᠢᠭ ᠤᠨ ᠳᠠᠷᠤᠭ᠎ᠠ ᠵᠠᠩ ᡁᠢ ᠸᠧᠢ ᠤᠷᠢᠳ ᠬᠤᠵᠢᠳ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠤᠨ ᠪᠠᠶᠢᠴᠠᠭᠠᠨ ᠰᠤᠳᠤᠯᠤᠯᠲᠠ ᠬᠢᠵᠦ᠂ ᠬᠢᠵᠢᠭ ᠤᠨ ᠪᠠᠶᠢᠳᠠᠯ ᠤᠨ ᠪᠠᠶᠢᠴᠠᠭᠠᠯᠲᠠ ᠶᠢᠨ ᠪᠠᠶᠢᠳᠠᠯ ᠢ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠶᠢ ᠰᠤᠳᠤᠯᠤᠨ ᠮᠠᠭᠠᠳᠯᠠᠵᠤ᠂ ᠲᠣᠮᠣ ᠳ᠋ᠠᠶᠢᠲ᠋ᠠ ᠶᠢ ᠬᠠᠷᠭᠤᠭᠤᠯᠤᠨ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ ᠸᠧᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
             ᠵᠠᠩ ᡁᠢ ᠸᠧᠢ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠰᠦᠩᠱᠠᠨ ᠲᠣᠭᠤᠷᠢᠭ ᠲᠤ ᠭᠡᠨᠡᠳᠲᠡ ᠬᠢᠵᠢᠭ ᠡᠭᠦᠰᠴᠦ᠂ ᠪᠠᠶᠢᠳᠠᠯ ᠪᠤᠳᠤᠯᠢᠶᠠᠨᠲᠠᠢ ᠪᠣᠯᠵᠤ᠂ ᠮᠠᠨ ᠤ ᠲᠣᠭᠤᠷᠢᠭ ᠤᠨ ᠬᠢᠵᠢᠭ ᠎ ᠢ ᠰᠡᠷᠭᠡᠶᠢᠯᠡᠨ ᠡᠵᠡᠮᠳᠡᠬᠦ ᠠᠵᠢᠯ ᠬᠦᠨᠳᠦ ᠪᠡᠷᠬᠡ  ᠪᠠᠶᠢᠳᠠᠯ ᠳᠤ ᠲᠤᠯᠭᠠᠷᠠᠵᠤ᠂ ᠣᠳᠣᠬᠠᠨ ᠤ ᠪᠠᠴᠢᠮ ᠡᠭᠦᠷᠭᠡ ᠪᠣᠯ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠡᠰ ᠴᠢᠩᠭ᠎ᠠ ᠬᠠᠮᠢᠶᠠᠷᠤᠨ ᠡᠵᠡᠮᠳᠡᠵᠦ᠂ ᠳᠠᠮᠵᠢᠯᠲᠠ ᠶᠢᠨ ᠬᠡᠯᠬᠢᠶ᠎ᠡ ᠶᠢ ᠲᠠᠰᠤᠯᠤᠨ ᠂ ᠨᠢᠭᠡ ᠮᠥᠴᠡ ᠴᠦ ᠰᠠᠭᠠᠲᠠᠭᠠᠬᠤ ᠦᠭᠡᠢ ᠥᠴᠥᠬᠡᠨ ᠴᠦ ᠰᠤᠯᠠᠷᠠᠭᠤᠯᠬᠤ ᠦᠭᠡᠢ ᠪᠠᠷ ᠳᠠᠷᠤᠢ ᠲᠦᠷᠭᠡᠨ ᠣᠨᠣᠪᠴᠢᠲᠠᠶ ᠪᠦᠭᠡᠳ ᠪᠦᠲᠦᠮᠵᠢᠲᠡᠶ ᠠᠷᠭ᠎ᠠ ᠠᠪᠴᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠣᠬᠤᠷ ᠬᠤᠭᠤᠴᠠᠭᠠᠨ ᠳᠤ ᠨᠢᠭᠲᠠ ᠥᠢᠷᠠᠳᠤᠭᠰᠠᠳ ᠢ ᠪᠠᠶᠢᠴᠠᠭᠠᠬᠤ  ᠂ ᠬᠠᠯᠳᠠᠪᠤᠷᠢᠲᠦ ᠡᠪᠡᠳᠴᠢᠨ ᠤ ᠵᠦᠢ ᠶᠢᠨ ᠡᠬᠢ ᠮᠦᠷᠳᠡᠯᠲᠡ ᠬᠢᠬᠦ ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠂ ᠲᠤᠰᠠᠭᠠᠷᠯᠠᠨ ᠬᠠᠮᠢᠶᠠᠷᠴᠦ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ᠂ ᠮᠠᠨ ᠤ ᠲᠣᠭᠤᠷᠢᠭ ᠤᠨ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠠᠪᠤᠳᠠᠯ ᠪᠣᠯᠤᠨ᠎ᠠ᠃
2_副本.jpg
           ᠵᠠᠩ ᡁᠢ ᠸᠧᠢ ᠴᠢᠬᠤᠯᠠᠴᠢᠯᠠᠭᠰᠠᠨ ᠨᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠵᠠᠷᠴᠢᠮ ᠎ ᠢ ᠴᠢᠩᠭ᠎ᠠ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ ᠃ ᠲᠣᠮᠣ ᠳ᠋ᠠᠶᠢᠲ᠋ᠠ ᠶᠢᠨ ᠲᠤᠯᠭᠠᠭᠤᠷᠢᠯᠠᠯ ᠢ ︽ ᠭᠠᠳᠠᠨ᠎ᠠ ᠠᠴᠠ ᠣᠷᠤᠵᠦ ᠢᠷᠡᠬᠦ ᠶᠢ ᠰᠡᠷᠭᠡᠶᠢᠯᠡᠬᠦ ︾ ᠴᠢᠬᠤᠯᠠ ᠠᠷᠭ᠎ᠠ ᠪᠠᠷᠢᠯ ᠪᠣᠯᠭᠠᠵᠤ ᠂ ᠳ᠋ᠠᠶᠢᠲ᠋ᠠ ᠶᠢᠨ ᠵᠠᠳᠠᠯᠤᠯᠲᠠ ᠶᠢ ᠠᠰᠢᠭᠯᠠᠨ ᠨᠠᠷᠢᠯᠢᠭ ᠪᠠᠶᠢᠴᠠᠭᠠᠯᠲᠠ ᠬᠢᠬᠦ ᠬᠡᠷᠡᠭᠲᠡᠢ ᠃ ᠬᠥᠮᠥᠨ᠂ ᠭᠠᠵᠠᠷ ᠣᠷᠤᠨ ᠂ ᠬᠡᠷᠡᠭ ᠶᠠᠪᠤᠳᠠᠯ᠂ ᠪᠣᠳᠠᠰ ᠢ ᠪᠥᠬᠦ ᠲᠠᠯ᠎ᠠ ᠪᠠᠷ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯᠯᠠᠭ᠎ᠠ ᠶᠢᠨ ᠵᠠᠮ ᠮᠥᠷ ᠢ ᠲᠣᠳᠣᠷᠬᠠᠢ ᠣᠶᠢᠯᠠᠭᠠᠨ᠂ ᠨᠠᠷᠢᠯᠢᠭ ᠣᠨᠤᠪᠴᠢᠲᠠᠢ ᠰᠤᠳᠤᠯᠤᠨ ᠮᠠᠭᠠᠳᠯᠠᠵᠤ᠂ ᠲᠦᠭᠰᠢᠭᠦᠷᠢᠲᠠᠢ ᠴᠡᠭ ᠢ ᠠᠯᠢ ᠲᠦᠷᠭᠡᠨ ᠢᠶᠠᠷ ᠪᠠᠶᠢᠴᠠᠭᠠᠵᠤ᠂  ᠳᠠᠮᠵᠢᠯᠲᠠ ᠶᠢᠨ ᠬᠡᠯᠬᠢᠶ᠎ᠡ ᠶᠢ ᠲᠡᠰᠦᠯᠦᠨ᠂ ᠪᠥᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠳᠤ ᠬᠦᠴᠦᠲᠡᠢ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠢ᠃
3_副本.jpg
         ᠵᠠᠩ ᡁᠢ ᠸᠧᠢ ᠱᠠᠭᠠᠷᠳᠠᠭᠰᠠᠨ ᠨᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ  ᠡᠭᠦᠷᠭᠡᠯᠡᠨ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠡᠷᠡᠰ ᠰᠢᠭᠤᠷᠬᠠᠢ᠂ ᠥᠴᠥᠬᠡᠨ ᠴᠦ ᠲᠠᠲᠠᠭᠠᠯᠵᠠᠯ ᠦᠭᠡᠢ ᠪᠠᠷ ᠰᠠᠶᠢᠲᠤᠷ ᠬᠢᠬᠦ ᠬᠡᠷᠡᠭᠲᠡᠢ᠃ ᠭᠤᠣᠯ ᠬᠠᠷᠢᠭᠤᠴᠠᠯᠭᠠᠲᠠᠨ ᠨᠥᠬᠦᠳ ᠡᠮᠦᠨ᠎ᠡ ᠹᠷᠣᠨᠲ ᠲᠤ ᠵᠢᠯᠣᠭᠤᠳᠤᠨ᠂ ᠡᠯ᠎ᠡ ᠵᠦᠢᠯ ᠤᠨ ᠠᠵᠢᠯ ᠢ ᠭᠦᠨᠵᠡᠭᠡᠢ ᠰᠦᠪᠡᠭᠴᠢᠯᠡᠨ ᠪᠣᠳᠠᠲᠠᠢ ᠠᠳᠬᠤᠵᠤ ᠂ ᠠᠵᠢᠯ ᠤᠨ ᠬᠠᠷᠢᠭᠤᠴᠠᠯᠭ᠎ᠠ ᠲᠠᠢ ᠪᠠᠶᠢᠬᠤ ᠂ ᠬᠠᠷᠢᠭᠤᠴᠠᠯᠭ᠎ᠠ ᠎ ᠪᠠᠨ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠰᠢᠰᠲ᠋ᠧᠮ ᠢ ᠥᠨᠳᠥᠷ ᠪᠦᠲᠦᠮᠵᠢᠲᠡᠢ ᠪᠠᠷ ᠠᠵᠢᠯᠯᠠᠭᠤᠯᠵᠤ ᠂ ᠵᠢᠯᠣᠭᠤᠳᠤᠯᠭ᠎ᠠ ᠨᠢ ᠰᠢᠨᠵᠢᠯᠡᠬᠦ ᠤᠬᠠᠭᠠᠨᠴᠢ ᠂ ᠵᠢᠭᠠᠪᠤᠷᠢ ᠨᠢ ᠲᠣᠳᠣᠷᠬᠠᠢ ᠂ ᠬᠡᠷᠡᠭᠵᠢᠭᠦᠯᠦᠯᠲᠡ ᠨᠢ ᠬᠦᠴᠦᠲᠡᠢ ᠪᠠᠶᠢᠬᠤ ᠶᠢ ᠪᠡᠶᠡᠯᠡᠭᠦᠯᠵᠦ ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠰᠠᠭᠤᠳᠠᠯ ᠢ ᠲᠦᠷᠭᠡᠨ ᠪᠥᠭᠡᠳ ᠣᠨᠣᠪᠴᠢᠲᠠᠢ ᠰᠢᠢᠳᠪᠦᠷᠢᠯᠡᠵᠦ ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠡᠯ᠎ᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠂ ᠬᠦᠴᠦ ᠪᠠᠨ  ᠬᠠᠮᠳᠤᠳᠬᠠᠵᠦ ᠂ ᠠᠯᠬᠤᠮ ᠨᠢᠭᠡᠲᠡᠢ ᠪᠠᠷ ᠠᠵᠢᠯ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠬᠠᠮᠲᠦ ᠶᠢᠨ ᠬᠦᠴᠦᠨ ᠢ ᠪᠣᠶ ᠪᠣᠯᠭᠠᠵᠤ᠂ ᠮᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃    
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1