4 ᠰᠠᠷ᠎ᠠ ᠶᠢᠨ 12 ᠤᠨ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠹᠦ᠋ ᠰᠢᠸ ᠬᠤᠶ ᠫᠢᠩ ᠵᠤᠸᠠᠩ ᠪᠠᠯᠭᠠᠰᠤᠨ ᠳᠤ ᠬᠦᠷᠴᠦ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠃ ᠫᠢᠩ ᠵᠤᠸᠠᠩ ᠪᠠᠯᠭᠠᠰᠤᠨ ᠤ | ᠬᠠᠷᠢᠭᠤᠴᠠᠯᠭᠠᠲᠠᠨ ᠪᠠᠷ᠎ᠠ ᠪᠣᠯᠵᠤ ᠬᠢᠨᠠᠨ ᠵᠢᠯᠣᠭᠤᠳᠪᠠ᠃ | | | | | ᠯᠢ ᠺᠠᠢ᠂ ᠹᠦ᠋ ᠰᠢᠸ ᠾᠦᠢ ᠨᠠᠷ ᠤᠷᠢᠳ ᠬᠤᠵᠢᠳ ᠫᠢᠩ ᠵᠤᠸᠠᠩ ᠪᠠᠯᠭᠠᠰᠤᠨ ᠤ ᠦ᠋ ᡁᠢ ᠵᠢᠶᠠᠨ ᠲᠣᠰᠬᠤᠨ᠂ | ᠰᠢᠨ ᠵᠢᠩ ᠲᠣᠰᠬᠤᠨ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ ᠂ ᠬᠤᠯᠪᠣᠭᠳᠠᠯ ᠪᠦᠬᠦᠢ | ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠤᠰᠤᠨ᠂ ᠬᠢᠵᠢᠭ ᠢ ᠰᠡᠷᠭᠡᠶᠢᠯᠡᠬᠦ ᠠᠵᠢᠯᠲᠠᠨ ᠤ | ᠲᠣᠬᠢᠷᠠᠭᠤᠯᠤᠯᠲᠠ᠂ ᠭᠤᠣᠯᠳᠠᠯᠭ᠎ᠠ ᠲᠠᠢ ᠬᠦᠮᠦᠰ ᠲᠤ ᠪᠠᠶᠢᠴᠠᠭᠠᠯᠳᠠ ᠬᠢᠬᠦ ᠂ ᠬᠠᠮᠢᠶᠠᠷᠤᠨ ᠡᠵᠡᠮᠳᠡᠬᠦ ᠶᠠᠪᠤᠴᠠ᠂ ᠠᠷᠤ | ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠰᠡᠷᠭᠡᠶᠢᠯᠡᠨ | ᠡᠵᠡᠮᠳᠡᠬᠦ ᠠᠵᠢᠯ ᠤᠨ ᠭᠤᠣᠯᠳᠠᠯᠭ᠎ᠠ ᠲᠠᠢ ᠬᠡᠰᠡᠭ ᠂ ᠵᠠᠩᠭᠢᠯᠠᠭ᠎ᠠ ᠶᠢᠨ ᠠᠯᠬᠤᠮ ᠳᠠᠷᠠᠭ᠎ᠠ ᠳᠤ ᠴᠢᠭᠯᠡᠭᠦᠯᠦᠨ | ᠵᠢᠯᠣᠭᠤᠳᠣᠯᠭ᠎ᠠ ᠬᠢᠵᠦ᠂ ᠠᠵᠢᠯᠲᠠᠳ ᠲᠤ ᠪᠠᠰᠠ ᠬᠤᠪᠢ ᠬᠥᠮᠥᠨ ᠤ ᠰᠡᠷᠭᠡᠶᠢᠯᠡᠯᠲᠡ ᠪᠠ ᠪᠡᠶ᠎ᠡ ᠮᠠᠬᠠᠪᠤᠳ ᠤᠨ | ᠡᠷᠡᠭᠦᠯ ᠮᠡᠨᠳᠦ ᠶᠢ ᠠᠩᠬᠠᠷᠬᠤ ᠬᠡᠷᠡᠭᠲᠡᠢ ᠭᠡᠵᠦ ᠵᠠᠬᠢᠪᠠ᠃ | | | | | ᠯᠢ ᠺᠠᠢ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠪᠠᠶᠢᠳᠠᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠵᠠᠪᠰᠢᠶᠠᠨ ᠬᠦᠰᠡᠬᠦ | ᠪᠣᠳᠣᠯ᠂ ᠮᠢᠨᠴᠦᠭᠦᠷᠡᠮᠡᠯ ᠰᠡᠳᠬᠢᠬᠦᠢ᠂ ᠰᠤᠯᠠᠷᠠᠩᠭᠤᠢ ᠣᠪᠣᠷ ᠰᠡᠳᠬᠢᠯᠭᠡ ᠶᠢ ᠡᠷᠡᠰ ᠲᠡᠪᠴᠢᠵᠦ᠂ ᠦᠵᠡᠯ ᠰᠠᠨᠠᠭ᠎ᠠ | ᠲᠠᠨᠢᠯᠲᠠ ᠪᠠᠨ ᠦᠨᠡᠨᠬᠦ ᠲᠡᠭᠡᠭᠰᠢᠯᠡᠭᠦᠯᠦᠨ ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠲᠣᠥᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠬᠠᠮᠵᠢᠯᠴᠠᠨ ᠬᠠᠮᠲᠤᠷᠠᠯᠴᠠᠬᠤ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠵᠤ᠂ ᠣᠯᠠᠨ ᠲᠦᠮᠡᠨ ᠢ ᠬᠦᠳᠦᠯᠦᠨ ᠳᠠᠭᠠᠭᠤᠯᠵᠤ ᠪᠠᠶᠢᠭᠠᠳ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠴᠢᠩᠭ᠎ᠠ ᠪᠦᠭᠡᠳ | ᠲᠣᠭᠲᠠᠭᠤᠨ ᠰᠡᠷᠭᠡᠶᠢᠯᠡᠨ ᠡᠵᠡᠮᠳᠡᠵᠦ ᠂ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠨᠠᠩ ᠨᠠᠷᠢᠯᠢᠭ᠂ ᠨᠠᠩ ᠪᠥᠬᠦ | ᠲᠠᠯ᠎ᠠ ᠪᠠᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠤᠯᠠᠮ ᠨᠢᠭᠲᠠ ᠴᠢᠩᠭ᠎ᠠ ᠪᠠᠬᠢᠵᠢᠭᠦᠯᠬᠦ | ᠬᠡᠷᠡᠭᠲᠠᠢ᠃ | | | | | ᠹᠦ᠋ ᠰᠢᠸ ᠬᠤᠶ ᠱᠠᠭᠠᠷᠳᠠᠭᠰᠠᠨ ᠨᠢ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠳᠤ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠤᠲᠤᠭ ᠲᠠᠭᠠᠨ ᠪᠤᠴᠠᠭᠰᠠᠳ ᠢ ᠪᠠᠶᠢᠴᠠᠭᠠᠨ ᠬᠠᠮᠢᠶᠠᠷᠬᠤ ᠶᠢ | ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠭᠤᠭᠴᠤᠭ᠎ᠠ ᠶᠢ ᠥᠴᠥᠬᠡᠨ ᠴᠦ | ᠰᠤᠯᠠᠷᠠᠭᠤᠯᠤᠯ ᠦᠭᠡᠢ ᠴᠢᠩᠭᠠᠷᠠᠭᠤᠯᠬᠤ ᠬᠡᠷᠡᠭᠲᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠴᠠᠭᠠᠬᠤ ᠠᠵᠢᠯ ᠢ ᠨᠠᠷᠢᠨ ᠪᠣᠳᠠᠲᠠᠢ ᠬᠢᠵᠦ ᠂ | ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠨᠦᠬᠦᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠲᠠᠰᠤᠷᠠᠯᠳᠡ ᠦᠭᠡᠢ ᠲᠣᠬᠢᠷᠠᠭᠤᠯᠤᠨ ᠰᠢᠯᠢᠳᠡᠭᠵᠢᠭᠦᠯᠵᠦ ᠂ ᠬᠠᠮᠢᠶᠠᠷᠤᠨ ᠡᠵᠡᠮᠳᠡᠬᠦ ᠲᠣᠭᠲᠠᠴᠠ ᠶᠢᠨ ᠶᠠᠪᠤᠴᠠ ᠶᠢ | ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠦᠬᠦ ᠬᠦᠴᠦᠨ ᠢᠶᠠᠷ ᠢᠶᠠᠨ | ᠪᠠᠬᠢᠵᠢᠭᠦᠯᠬᠦ ᠬᠡᠷᠡᠭᠲᠡᠢ ᠃ | |