2022 ᠣᠨ ᠤ ᠨᠢᠭᠡᠳᠦᠭᠡᠷ ᠤᠯᠠᠷᠢᠯ ᠤᠨ ᠪᠥᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/4/19
    ᠨᠢᠭᠡᠳᠦᠭᠡᠷ ᠤᠯᠠᠷᠢᠯ ᠳᠤ᠂ ᠬᠢᠵᠢᠭ ᠤᠨ ᠪᠠᠶᠢᠳᠠᠯ ᠲᠠᠬᠢᠨ ᠳᠠᠪᠲᠠᠭᠰᠠᠨ ᠠᠴᠠ᠂ ᠠᠵᠤ ᠦᠢᠯᠡᠰ ᠤᠨ ᠬᠡᠯᠬᠢ᠊ ᠡᠶ᠎ᠡ ᠶᠢᠨ ᠬᠠᠩᠭᠠᠯᠭ᠎ᠠ ᠪᠠᠴᠢᠮ ᠪᠤᠯᠵᠤ᠂ ᠶᠡᠭᠡ ᠬᠡᠮᠵᠢᠶᠡᠨ ᠤ ᠲᠠᠸᠠᠷ ᠪᠣᠯᠤᠨ ᠤᠭ ᠮᠠᠲ᠋ᠧᠷᠢᠶᠠᠯ ᠤᠨ ᠦᠨ᠎ᠡ ᠬᠠᠩᠰᠢ ᠥᠰᠦᠭᠰᠡᠨ ᠵᠡᠷᠭᠡ ᠤᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠤᠯᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠵᠠᠷᠢᠮ ᠲᠠᠭᠠᠷᠢᠯᠳᠠ ᠳᠤ ᠤᠴᠠᠷᠠᠪᠠ᠃ ᠭᠡᠪᠡᠴᠦ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠤᠷ᠎ᠠ᠂ ᠠᠵᠤ ᠦᠶ᠋ᠯᠡᠰ ᠤᠨ ᠬᠡᠯᠬᠢᠶ᠎ᠡ ᠶᠢᠨ ᠬᠠᠩᠭᠠᠯᠭ᠎ᠠ ᠪᠠᠴᠢᠮ ᠪᠠᠶᠢᠬᠤ᠂ ᠶᠡᠭᠡ ᠬᠡᠮᠵᠢᠶᠡᠨ ᠤ ᠲᠠᠸᠠᠷ᠂ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠥᠰᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠪᠣᠯᠤᠭᠰᠠᠨ ᠨᠠᠵᠠᠭᠠᠶ ᠨᠥᠯᠥᠭᠡ ᠶᠢ ᠢᠳᠡᠪᠬᠢᠲᠡᠶ ᠪᠠᠷ ᠠᠷᠭᠠᠴᠠᠵᠤ᠂ ᠪᠥᠬᠦ ᠣᠷᠣᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠦᠷᠭᠦᠯᠵᠢᠯᠡᠨ ᠲᠣᠭᠲᠠᠭᠤᠨ ᠪᠠᠶᠢᠳᠠᠯ ᠢᠯᠡᠷᠡᠪᠡ᠃    ᠠᠩᠬ᠎ᠠ ᠠᠯᠬᠤᠮ ᠲᠥᠰᠦᠭᠡᠯᠡᠨ ᠪᠤᠳᠤᠭᠰᠠᠨ ᠢᠶᠠᠷ᠂ ᠨᠢᠭᠡᠳᠦᠭᠡᠷ ᠤᠯᠠᠷᠢᠯ ᠳᠤ᠂ ᠭᠠᠵᠠᠷ ᠣᠷᠣᠨ ᠤ ᠦᠶ᠋ᠯᠡᠳᠪᠦᠷᠢᠯᠡᠯ ᠤᠨ ᠪᠥᠬᠦ ᠥᠷᠲᠡᠭ ᠨᠢ 50.97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3%᠎ ᠪᠠᠷ ᠨᠡᠮᠡᠭᠳᠡᠪᠡ᠂ ᠡᠭᠦᠨ ᠳᠤ᠄ ᠨᠢᠭᠡᠳᠦᠭᠡᠷ ᠠᠵᠤ ᠦᠶ᠋ᠯᠡᠰ ᠤᠨ ᠨᠡᠮᠡᠭᠳᠡᠯ ᠥᠷᠲᠡᠭ ᠨᠢ 2.66 ᠳ᠋ᠦᠩᠰᠢᠭᠤᠷ ᠲᠥᠭᠦᠷᠢᠭ ᠲᠤ ᠬᠦᠷᠴᠦ᠂ 7.7%᠎ ᠪᠠᠷ ᠨᠡᠮᠡᠭᠳᠡᠪᠡ︔ ᠬᠤᠶᠠᠳᠤᠭᠠᠷ ᠠᠵᠤ ᠦᠶ᠋ᠯᠡᠰ ᠤᠨ ᠨᠡᠮᠡᠭᠳᠡᠯ ᠥᠷᠲᠡᠭ ᠨᠢ 28.87 ᠳ᠋ᠦᠩᠰᠢᠭᠤᠷ ᠲᠥᠭᠦᠷᠢᠭ ᠲᠤ ᠬᠦᠷᠴᠦ᠂ 2.6%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠨᠢ 19.44 ᠳ᠋ᠦᠩᠰᠢᠭᠤᠷ ᠲᠥᠭᠦᠷᠢᠭ ᠲᠤ ᠬᠦᠷᠴᠦ᠂ 5.7%᠎ ᠪᠠᠷ ᠨᠡᠮᠡᠭᠳᠡᠪᠡ᠃ GDP᠎ ᠶᠢᠨ ᠨᠡᠮᠡᠭᠳᠡᠯ ᠤᠨ 4.3 ᠵᠠᠭᠤᠨ ᠤ ᠨᠢᠭᠡᠴᠢ ᠶᠢᠨ ᠳᠣᠲᠣᠷ᠎ᠠ᠂ ᠭᠤᠷᠪᠠᠨ ᠠᠵᠤ ᠦᠶ᠋ᠯᠡᠰ ᠲᠣᠰ ᠲᠣᠰ 0.4 ᠵᠠᠭᠤᠨ ᠤ ᠨᠢᠭᠡᠴᠢ᠂ 1.3 ᠵᠠᠭᠤᠨ ᠤ ᠨᠢᠭᠡᠴᠢ ᠪᠠ 2.6 ᠵᠠᠭᠤᠨ ᠤ ᠨᠢᠭᠡᠴᠢ ᠳᠠᠶᠢᠴᠢᠯᠠᠵᠤ᠂ ᠭᠤᠷᠪᠠᠨ ᠠᠵᠤ ᠦᠶ᠋ᠯᠡᠰ ᠤᠨ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 9.9%᠂ 29.5% ᠪᠠ 60.6% ᠪᠣᠯᠤᠨ᠎ᠠ᠃ ᠭᠤᠷᠪᠠᠨ ᠠᠵᠤ ᠦᠶ᠋ᠯᠡᠰ ᠤᠨ ᠪᠦᠲᠦᠴᠡ ᠨᠢ 5.2᠄ 56.6᠄ 38.2 ᠪᠣᠯᠤᠨ᠎ᠠ᠃    ᠨᠢᠭᠡᠳᠤᠭᠡᠷ ᠲᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠡᠮᠵᠢᠶ᠎ᠡ ᠨᠡᠮᠡᠭᠳᠡᠵᠦ᠂ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠡᠯᠢᠶᠡᠳ ᠳᠣᠣᠷ᠎ᠠ ᠪᠠᠶᠢᠬᠤ    ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃    ᠨᠢᠭᠡᠳᠦᠭᠡᠷ ᠤᠯᠠᠷᠢᠯ ᠳᠤ᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠴᠠᠬᠢᠯᠭᠠᠨ ᠭᠠᠷᠭᠠᠬᠤ ᠦᠶ᠋ᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠨᠢ 20.72 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.42% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 35%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 10.6 ᠵᠠᠭᠤᠨ ᠤ ᠨᠢᠭᠡᠴᠢ ᠳᠡᠭᠡᠭᠰᠢᠯᠡᠭᠦᠯᠪᠡ᠃ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠶᠢ 15.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.8% ᠪᠠᠭᠤᠷᠠᠵᠤ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ 65.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 1.2 ᠵᠠᠭᠤᠨ ᠤ ᠨᠢᠭᠡᠴᠢ ᠪᠠᠷ ᠳᠣᠷᠣᠭᠰᠢ ᠳᠠᠶᠢᠴᠢᠯᠠᠪᠠ᠃    ︵ᠬᠤᠶᠠᠷ︶ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠣᠷᠣᠨ ᠤᠨ ᠠᠵᠤ ᠠᠬᠤᠶᠢᠯᠠᠯ᠃    ᠨᠢᠭᠡᠳᠦᠭᠡᠷ ᠤᠯᠠᠷᠢᠯ ᠳᠤ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠠᠵᠤ ᠠᠬᠤᠶᠢᠯᠠᠯ ᠤᠨ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠨᠢ 32.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.3% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 54%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 18.1 ᠵᠠᠭᠤᠨ ᠤ ᠨᠢᠭᠡᠴᠢ ᠳᠡᠭᠡᠭᠰᠢᠯᠡᠭᠦᠯᠪᠡ︔ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠢ 5.99 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.4% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ 25.4%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 3.1 ᠵᠠᠭᠤᠨ ᠤ ᠨᠢᠭᠡᠴᠢ ᠳᠡᠭᠡᠭᠰᠢᠯᠡᠭᠦᠯᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠨᠢ 4.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 7.9%᠎ ᠶᠢ ᠡᠵᠡᠯᠡᠵᠦ᠂ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.0 ᠵᠠᠭᠤᠨ ᠤ ᠨᠢᠭᠡᠴᠢ ᠳᠡᠭᠡᠭᠰᠢᠯᠡᠭᠦᠯᠪᠡ᠃ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠢ 0.95 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.9% ᠪᠠᠭᠤᠷᠠᠵᠤ᠂ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 0.1 ᠵᠠᠭᠤᠨ ᠤ ᠨᠢᠭᠡᠴᠢ ᠳᠣᠷᠣᠭᠰᠢᠯᠠᠭᠤᠯᠪᠠ᠃    ︵ᠭᠤᠷᠪᠠ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ᠃    ᠨᠢᠭᠡᠳᠦᠭᠡᠷ ᠤᠯᠠᠷᠢᠯ ᠳᠤ᠂ ᠦᠢᠯᠡᠳᠬᠦᠨ ᠤ ᠦᠷᠳᠡᠭ ᠨᠢ ᠳ᠋ᠦᠩᠰᠢᠭᠤᠷ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 8 ᠪᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠨᠢ 53.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.8% ᠨᠡᠮᠡᠭᠳᠡᠵᠦ᠂ ᠶᠡᠷᠦᠩᠬᠡᠢ ᠬᠡᠮᠵᠢ᠊ ᠡᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 89%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 28.3 ᠵᠠᠭᠤᠨ ᠤ ᠨᠢᠭᠡᠴᠢ ᠳᠡᠭᠡᠭᠰᠢᠯᠡᠭᠦᠯᠪᠡ᠃ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠨᠢ 21.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8%᠎ ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ 92.6%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 2.5 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠳᠥᠷᠪᠡ︶ ᠭᠤᠷᠪᠠᠨ ᠶᠡᠭᠡ ᠭᠤᠤᠯ ᠠᠵᠢᠯ ᠲᠥᠷᠥᠯ᠃    ᠨᠢᠭᠡᠳᠦᠭᠡᠷ ᠤᠯᠠᠷᠢᠯ ᠳᠤ᠂ ᠡᠨᠧᠷᠭᠢ᠂ ᠢᠳᠡᠭᠡᠨ ᠪᠣᠯᠪᠠᠰᠤᠷᠠᠭᠤᠯᠬᠤ᠂ ᠬᠢᠮᠢ ᠶᠢᠨ ᠠᠵᠤ ᠦᠶ᠋ᠯᠡᠳᠪᠦᠷᠢ ᠶᠢᠨ ᠠᠵᠢᠯ ᠲᠥᠷᠥᠯ ᠨᠢ 58.94 ᠳ᠋ᠦᠩᠰᠢᠭᠤᠷ ᠲᠥᠭᠦᠷᠢᠭ ᠤᠨ ᠦᠶ᠋ᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 32.2% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 98.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 31.5 ᠵᠠᠭᠤᠨ ᠤ ᠨᠢᠭᠡᠴᠢ ᠳᠡᠭᠡᠭᠰᠢᠯᠡᠭᠦᠯᠪᠡ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠦᠶ᠋ᠯᠡᠳᠬᠦᠨ ᠤ ᠥᠷᠲᠡᠭ ᠨᠢ 23.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.3% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 38.9%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 12.5 ᠵᠠᠭᠤᠨ ᠤ ᠨᠢᠭᠡᠴᠢ ᠳᠡᠭᠡᠭᠰᠢᠯᠡᠭᠦᠯᠪᠡ︔ ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠦᠶ᠋ᠯᠡᠳᠬᠦᠨ ᠤ ᠥᠷᠲᠡᠭ ᠨᠢ 19.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.8% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 32.7%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 9.1 ᠵᠠᠭᠤᠨ ᠤ ᠨᠢᠭᠡᠴᠢ ᠳᠡᠭᠡᠭᠰᠢᠯᠡᠭᠦᠯᠪᠡ︔ ᠬᠢᠮᠢ ᠶᠢᠨ ᠠᠵᠤ ᠦᠶ᠋ᠯᠡᠳᠪᠦᠷᠢ ᠶᠢᠨ ᠠᠵᠢᠯ ᠲᠥᠷᠥᠯ ᠤᠨ ᠦᠶ᠋ᠯᠡᠳᠬᠦᠨ ᠤ ᠥᠷᠲᠡᠭ ᠨᠢ 16.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.4% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 26.8%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 10.0 ᠵᠠᠭᠤᠨ ᠤ ᠨᠢᠭᠡᠴᠢ ᠳᠡᠭᠡᠭᠰᠢᠯᠡᠭᠦᠯᠪᠡ᠃ ᠡᠨᠧᠷᠭᠢ ᠶᠢᠨ ᠰᠤᠷᠪᠤᠯᠵᠢ᠂ ᠢᠳᠡᠭᠡᠨ ᠤ ᠵᠦᠶ᠋ᠯ ᠤᠨ ᠪᠣᠯᠪᠠᠰᠤᠷᠠᠭᠤᠯᠤᠯᠲᠠ᠂ ᠬᠢᠮᠢ ᠶᠢᠨ ᠠᠵᠤ ᠦᠶ᠋ᠯᠡᠳᠪᠦᠷᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠢ 23.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ 98.6%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 2.9 ᠵᠠᠭᠤᠨ ᠤ ᠨᠢᠭᠡᠴᠢ ᠳᠡᠭᠡᠭᠰᠢᠯᠡᠭᠦᠯᠪᠡ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠢ 16.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ 71.4%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 0.3 ᠵᠠᠭᠤᠨ ᠤ ᠨᠢᠭᠡᠴᠢ ᠳᠣᠷᠣᠭᠰᠢᠯᠠᠭᠤᠯᠪᠠ︔ ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠨᠡᠮᠡᠭᠳᠡᠯ ᠥᠷᠲᠡᠭ ᠨᠢ 4.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ 18.2%᠎ ᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 3.0 ᠵᠠᠭᠤᠨ ᠤ ᠨᠢᠭᠡᠴᠢ ᠳᠡᠭᠡᠭᠰᠢᠯᠡᠭᠦᠯᠪᠡ︔ ᠬᠢᠮᠢ ᠶᠢᠨ ᠠᠵᠤ ᠦᠶ᠋ᠯᠡᠳᠪᠦᠷᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠢ 2.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ 9.0%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 0.1 ᠵᠠᠭᠤᠨ ᠤ ᠨᠢᠭᠡᠴᠢ ᠳᠡᠭᠡᠭᠰᠢᠯᠡᠭᠦᠯᠪᠡ     ︵ᠲᠠᠪᠤ︶ ᠦᠨ᠎ᠡ ᠬᠠᠩᠰᠢ ᠶᠢᠨ ᠵᠢᠭᠠᠯᠲᠠ ᠲᠤᠭ᠎ᠠ ᠪᠠᠷ ᠨᠡᠯᠢᠶᠡᠳ ᠥᠨᠳᠥᠷ ᠠᠵᠤ ᠠᠬᠤᠶᠢᠯᠠᠯ᠃    ᠡᠩ ᠤᠨ ᠨᠡᠭᠦᠷᠡᠰᠦᠨ ᠠᠭᠤᠷᠬᠠᠶ ᠶᠢᠨ ᠪᠦᠯᠦᠭᠯᠡᠯ ᠤᠨ ᠦᠨ᠎ᠡ ᠬᠠᠩᠰᠢ ᠶᠢᠨ ᠨᠡᠶᠢᠲᠡ ᠵᠢᠭᠠᠯᠲᠠ ᠲᠤᠭ᠎ᠠ ᠨᠢ 166.83 ᠪᠣᠯᠵᠤ︔ ᠡᠬᠡ ᠭᠠᠵᠠᠷ ᠤᠨ ᠡᠭᠦᠯᠡᠨ ᠲᠩᠷᠢ ᠶᠢᠨ ᠦᠨ᠎ᠡ ᠬᠠᠩᠰᠢ ᠶᠢᠨ ᠶᠡᠷᠦᠩᠬᠡᠶ ᠵᠢᠭᠠᠯᠲᠠ ᠲᠤᠭ᠎ᠠ ᠨᠢ 130.15 ᠪᠣᠯᠤᠨ᠎ᠠ︔ ᠷᠦᠢ ᠶᠠᠩ ᠬᠢᠮᠢ ᠶᠢᠨ ᠠᠵᠤ ᠦᠶ᠋ᠯᠡᠳᠪᠦᠷᠢ ᠶᠢᠨ ᠦᠨ᠎ᠡ ᠬᠠᠩᠰᠢ ᠶᠢᠨ ᠨᠡᠶᠢᠲᠡ ᠵᠢᠭᠠᠯᠲᠠ ᠲᠤᠭ᠎ᠠ ᠨᠢ 136.97 ᠪᠣᠯᠤᠨ᠎ᠠ︔ ᠶᠤᠸᠠᠨ ᠤ ᠴᠠᠬᠢᠯᠭᠠᠨ ᠤ ᠦᠨ᠎ᠡ ᠬᠠᠩᠰᠢ ᠶᠢᠨ ᠶᠡᠷᠦᠩᠬᠡᠶ ᠢᠯᠡᠳᠬᠡᠭᠴᠢ ᠲᠤᠭ᠎ᠠ ᠨᠢ 120.56 ᠪᠣᠯᠤᠨ᠎ᠠ︔ ᠵᠢᠦ ᠯᠢᠶᠠᠨ ᠺᠣᠮᠫᠠᠨᠢ ᠶᠢᠨ ᠦᠨ᠎ᠡ ᠬᠠᠩᠰᠢ ᠶᠢᠨ ᠶᠡᠷᠦᠩᠬᠡᠶ ᠵᠢᠭᠠᠯᠲᠠ ᠲᠤᠭ᠎ᠠ ᠨᠢ 113.58 ᠪᠣᠯᠤᠨ᠎ᠠ᠃    ︵ᠵᠢᠷᠭᠤᠭ᠎ᠠ︶ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠲᠤᠭ᠎ᠠ᠃    ᠨᠢᠭᠡᠳᠦᠭᠡᠷ ᠤᠯᠠᠷᠢᠯ ᠳᠤ᠂ ᠨᠡᠭᠦᠷᠡᠰᠦᠨ ᠤ ᠭᠠᠷᠤᠯᠲᠠ 443.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1%᠎ ᠪᠠᠷ ᠨᠡᠮᠡᠭᠳᠡᠪᠡ᠂ ᠡᠭᠦᠨ ᠳᠤ᠄ ᠡᠩ ᠤᠨ ᠨᠡᠭᠦᠷᠡᠰᠦᠨ ᠤ ᠪᠦᠯᠦᠭᠯᠡᠯ ᠤᠨ ᠨᠡᠭᠦᠷᠡᠰᠦᠨ ᠤ ᠭᠠᠷᠤᠯᠲᠠ 429.3 ᠲᠦᠮᠡᠨ ᠲᠣᠨ ᠳᠤ ᠬᠦᠷᠴᠦ᠂ 0.7% ᠨᠡᠮᠡᠭᠳᠡᠵᠦ︔ ᠴᠠᠬᠢᠯᠭᠠᠨ ᠭᠠᠷᠭᠠᠭᠰᠠᠨ ᠬᠡᠮᠵᠢᠶ᠎ᠡ 18.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠶ᠋ᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 15.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.0% ᠪᠠᠭᠤᠷᠠᠪᠠ︔ ᠬᠡᠦᠷᠡᠰᠦ ᠶᠢᠨ ᠭᠠᠷᠤᠯᠲᠠ ᠶᠢᠨ ᠬᠡᠮᠵᠢᠶ᠎ᠡ 12 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.3% ᠨᠡᠮᠡᠭᠳᠡᠪᠡ︔ ᠰᠢᠩᠭᠡᠨ ᠪᠡᠶᠡᠲᠦ ᠰᠦᠨ ᠤ ᠭᠠᠷᠤᠯᠲᠠ 3.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠪᠡ︔ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 10.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠨᠡᠮᠡᠭᠳᠡᠪᠡ᠃    ︵ᠳᠣᠯᠤᠭ᠎ᠠ︶ ᠡᠨᠧᠷᠭᠢ ᠶᠢᠨ ᠬᠤᠷᠣᠭᠳᠠᠯ ᠤᠨ ᠪᠠᠶᠢᠳᠠᠯ᠃    ᠨᠢᠭᠡᠳᠦᠭᠡᠷ ᠤᠯᠠᠷᠢᠯ ᠳᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 4.13 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.6%᠎ ᠪᠠᠷ ᠨᠡᠮᠡᠭᠳᠡᠪᠡ᠂ ᠡᠭᠦᠨ ᠳᠤ᠄ ᠨᠢᠭᠡᠳᠦᠭᠡᠷ ᠦᠶ᠋ᠯᠡᠳᠪᠦᠷᠢᠯᠡᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 0.14 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.4% ᠨᠡᠮᠡᠭᠳᠡᠵᠦ︔ ᠬᠤᠶᠠᠳᠤᠭᠠᠷ ᠠᠵᠤ ᠦᠶ᠋ᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 2.59 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠶ᠋ᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 0.53 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.6% ᠨᠡᠮᠡᠭᠳᠡᠵᠦ︔ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 0.64 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.6% ᠨᠡᠮᠡᠭᠳᠡᠵᠡᠶ᠃    ᠬᠤᠶᠠᠳᠤᠭᠠᠷ ᠲᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠡᠭᠡ ᠬᠡᠮᠵᠢᠶ᠎ᠡ ᠪᠠᠷ ᠨᠡᠮᠡᠭᠳᠡᠵᠦ ᠪᠠᠶᠢᠬᠤ    ᠨᠢᠭᠡ ᠤᠯᠠᠷᠢᠯ ᠳᠤ᠂ ᠪᠥᠬᠦ ᠣᠷᠣᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠶ᠋ᠯ 107 ᠪᠠᠶᠢᠨ᠎ᠠ᠂ ᠡᠭᠦᠨ ᠳᠤ 22 ᠠᠵᠢᠯ ᠡᠬᠢᠯᠡᠭᠦᠯᠵᠦ ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠶ᠋ᠯ 2 ᠪᠠᠭᠲᠠᠨ᠎ᠠ︶᠂ 4.11 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 506.1%᠎ ᠪᠠᠷ ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠤᠨ ᠪᠠᠯᠠ ᠣᠷᠣᠭᠤᠯᠤᠯᠲᠠ ᠶᠢ 3.83 ᠳ᠋ᠦᠩᠰᠢᠭᠤᠷ ᠲᠥᠭᠦᠷᠢᠭ ᠪᠡᠶᠡᠯᠡᠭᠦᠯᠵᠦ᠂ 701.5% ᠨᠡᠮᠡᠭᠳᠡᠵᠦ︔ 5000 ᠲᠦᠮᠡᠨ ᠲᠥᠭᠦᠷᠢᠭ ᠠᠴᠠ ᠳᠣᠷᠣᠭᠰᠢᠬᠢ ᠲᠥᠷᠥᠯ ᠵᠦᠶ᠋ᠯ ᠳᠤ 0.28 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 124.4%᠎ ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠶᠢ 0 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠤ ᠦᠶ᠋ᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶ᠋ᠯᠡᠰ 0.07 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 339.5 ᠳᠠᠬᠢᠨ ᠢᠶᠠᠷ ᠨᠡᠮᠡᠭᠳᠡᠪᠡ︔ ᠬᠤᠶᠠᠳᠤᠭᠠᠷ ᠠᠵᠤ ᠦᠶ᠋ᠯᠡᠰ ᠲᠤ 0.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 49%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠶ᠋ᠯᠡᠰ ᠲᠤ 3.65 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 7906%᠎ ᠪᠠᠷ ᠨᠡᠮᠡᠭᠳᠡᠪᠡ᠃     ᠭᠤᠷᠪᠠᠳᠤᠭᠠᠷ ᠲᠤ᠂ ᠬᠡᠷᠡᠭᠯᠡᠭᠡᠨ ᠤ ᠵᠠᠬ᠎ᠠ ᠳᠡᠯᠭᠡᠭᠦᠷ ᠥᠭᠡᠳᠡ ᠦᠭᠡᠢ ᠪᠠᠶᠢᠬᠤ    ᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠨ ᠲᠤᠭ᠎ᠠ 0.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠨᠡᠮᠡᠭᠳᠡᠪᠡ᠃    ᠨᠢᠭᠡ ᠤᠯᠠᠷᠢ 9.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠵᠦ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠯ ᠳᠤ᠂ ᠨᠡᠶᠢᠭᠡᠮ ᠤᠨ ᠲᠠᠸᠠᠷ ᠤᠨ ᠪᠣᠷᠣᠯᠠᠭᠤᠯᠤᠯᠲᠠ ᠶᠢᠨ ᠪᠥᠬᠦ ᠲᠤᠭ᠎ᠠ 13.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.63% ᠪᠠᠭᠤᠷᠠᠪᠠ᠃ ᠡᠭᠦᠨ ᠤ ᠳᠣᠲᠣᠷ᠎ᠠ᠄ ᠪᠥᠭᠡᠮ ᠢᠶᠠᠷ ᠬᠤᠳᠠᠯᠳᠤᠬᠤ ᠦᠢᠯᠡᠰ 74.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 7.5%᠎ ᠪᠠᠷ ᠪᠠᠭᠤᠷᠠᠪᠠ︔ ᠵᠢᠵᠢᠭᠯᠡᠨ ᠬᠤᠳᠠᠯᠳᠤᠬᠤ ᠦᠢᠯᠡᠰ 5.56 ᠳ᠋ᠦᠩᠰᠢᠭᠤᠷ ᠲᠥᠭᠦᠷᠢᠭ ᠲᠤ ᠬᠦᠷᠴᠦ᠂ 3.0%᠎ ᠪᠠᠷ ᠪᠠᠭᠤᠷᠠᠪᠠ︔ ᠬᠤᠨᠣᠭᠯᠠᠬᠤ ᠦᠶ᠋ᠯᠡᠰ 0.09 ᠳ᠋ᠦᠩᠰᠢᠭᠤᠷ ᠲᠥᠭᠦᠷᠢᠭ ᠲᠤ ᠬᠦᠷᠴᠦ᠂ 0.2%᠎ ᠪᠠᠷ ᠪᠠᠭᠤᠷᠠᠪᠠ︔ ᠢᠳᠡᠭᠡᠨ ᠤᠮᠳᠠᠭᠠᠨ ᠤ ᠦᠶ᠋ᠯᠡᠰ 0.63 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.2%᠎ ᠪᠠᠷ ᠪᠠᠭᠤᠷᠠᠪᠠ᠃    ᠲᠦᠷᠪᠡᠳᠦᠭᠡᠷ ᠲᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠡᠭᠡ ᠬᠡᠮᠵᠢᠶ᠎ᠡ ᠪᠠᠷ ᠨᠡᠮᠡᠭᠳᠡᠨ᠂ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.4% ᠨᠡᠮᠡᠭᠳᠡᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ 2.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.4% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 83.6%᠎ ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 9.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠨᠡᠮᠡᠭᠳᠡᠪᠡ᠃    ᠲᠠᠪᠤᠳᠤᠭᠠᠷ ᠲᠤ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    3 ᠰᠠᠷ᠎ᠠ ᠶᠢᠨ ᠡᠴᠦᠰ ᠲᠤ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠡᠯ᠎ᠡ ᠵᠦᠶ᠋ᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 279.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 5.4%᠎ ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 247.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 8.0% ᠨᠡᠮᠡᠭᠳᠡᠵᠦ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 210.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 3.3%᠎ ᠪᠠᠷ ᠨᠡᠮᠡᠭᠳᠡᠪᠡ᠃    ᠵᠢᠷᠭᠤᠳᠤᠭᠠᠷ ᠲᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    ᠨᠢᠭᠡᠳᠦᠭᠡᠷ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ 10894 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9%᠎ ᠪᠠᠷ ᠨᠡᠮᠡᠭᠳᠡᠪᠡ᠂ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ 11390 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠵᠦ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ 8695 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3% ᠨᠡᠮᠡᠭᠳᠡᠪᠡ᠃     
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1