ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/20
      4 ᠰᠠᠷ᠎ᠠ ᠶᠢᠨ 14 ᠎ ᠤ ᠡᠳᠦᠷ ᠂ ᠲᠣᠭᠤᠷᠢᠭ ᠤᠨ ᠨᠠᠮ ᠤᠨ  ᠬᠤᠷᠢᠶᠠᠨ ᠤ ᠤᠬᠠᠭᠤᠯᠬᠤ ᠬᠡᠯᠲᠡᠰ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠡᠯ᠎ᠡ ᠰᠢᠶᠠᠩ ᠪᠠᠯᠭᠠᠰᠤ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠤᠬᠠᠭᠤᠯᠬᠤ ᠭᠡᠰᠢᠭᠦᠨ ᠬᠤᠷᠠᠯ ᠳᠤ ᠣᠷᠣᠯᠴᠠᠪᠠ ᠃
1_副本.png
                ᠬᠤᠷᠠᠯ ᠳᠡᠭᠡᠷ᠎ᠡ ᠂ ᠡᠯ᠎ᠡ ᠰᠢᠶᠠᠩ ᠪᠠᠯᠭᠠᠰᠤ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ ︶᠎ ᠤᠨ ᠠᠵᠢᠯ ᠤᠨ ᠠᠬᠢᠴᠠ ᠶᠢᠨ ᠪᠠᠶᠢᠳᠠᠯ ᠎ ᠢᠶᠠᠨ ᠲᠤᠰ ᠲᠤᠰ ᠬᠠᠷᠢᠭᠤ ᠮᠡᠳᠡᠭᠦᠯᠵᠦ ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠳᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠮᠵᠢᠯᠠᠨ ᠨᠠᠶᠢᠳᠠᠪᠤᠷᠢᠵᠢᠭᠤᠯᠵᠤ ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠮᠥᠨ ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠦᠨᠳᠦᠰᠦᠨ ᠱᠠᠲᠤ ᠶᠢ ᠢᠳᠡᠪᠬᠢᠵᠢᠭᠦᠯᠵᠦ᠂ ᠰᠠᠭᠤᠷᠢ ᠶᠢ ᠪᠠᠲᠤᠳᠬᠠᠬᠤ ᠴᠢᠬᠤᠯᠠ ᠥᠭᠡᠷᠡᠴᠢᠯᠡᠯᠲᠡ ᠮᠥᠨ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠎ ᠬᠢᠨ ᠡᠷᠬᠡᠪᠰᠢ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠭᠦᠨᠵᠡᠭᠡᠢ ᠲᠠᠨᠢᠬᠤ ᠶᠢᠨ ᠬᠠᠮᠲᠤ ᠬᠦᠴᠦ ᠲᠠᠯᠪᠢᠨ ᠰᠠᠶᠢᠲᠤᠷ ᠬᠢᠬᠦ ᠴᠢᠬᠤᠯᠠ ᠎ ᠲᠠᠢ ᠠᠵᠢᠯ ᠮᠥᠨ ᠃ ᠬᠤᠷᠠᠯ ᠤᠨ ᠳᠠᠷᠠᠭ᠎ᠠ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ ᠂ ᠥᠨᠥᠳᠥᠷ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠦᠳᠲᠡᠷ ᠬᠦᠳᠡᠯᠦᠯᠴᠡᠵᠦ᠂ ᠥᠷᠭᠡᠨ ᠢᠶᠠᠷ ᠳᠠᠶᠢᠴᠢᠯᠠᠵᠤ ᠂ ᠡᠯ᠎ᠡ ᠵᠦᠢᠯ ᠤᠨ ᠬᠢᠨᠠᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠬᠢᠬᠦ ᠬᠡᠷᠡᠭᠲᠡᠢ ᠃
2_副本.png
            ᠬᠤᠷᠠᠯ ᠠᠴᠠ ᠴᠢᠬᠤᠯᠠᠴᠢᠯᠠᠭᠰᠠᠨ ᠨᠢ᠂ ᠠᠷᠭ᠎ᠠ ᠬᠡᠮᠵᠢᠶ᠎ᠡ ᠪᠠᠨ ᠴᠢᠩᠭᠠᠳᠬᠠᠵᠤ ᠂ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠡᠯ᠎ᠡ ᠰᠢᠶᠠᠩ ᠪᠠᠯᠭᠠᠰᠤ ᠵᠡᠭᠡᠯᠢ ᠶᠢᠨ ᠬᠢᠨ ︽ᠦᠨᠡᠯᠡᠨ ᠵᠢᠱᠢᠬᠦ ᠨᠠᠷᠢᠨ ᠳᠦᠷᠢᠮ︾ ᠵᠢᠴᠢ ᠨᠢᠭᠡᠳᠦᠭᠡᠷ ᠡᠭᠡᠯᠵᠢ ᠶᠢᠨ ᠦᠨᠡᠯᠡᠨ ᠵᠢᠱᠢᠵᠦ ᠰᠢᠯᠭᠠᠨ ᠠᠪᠬᠤ ᠶᠠᠪᠤᠴᠠ ᠳᠤ ᠪᠠᠭᠤᠯᠭᠠᠭᠰᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠴᠢᠩᠭ᠎ᠠ ᠵᠢᠷᠤᠮᠯᠠᠨ᠂ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠂  ᠳᠤᠲᠠᠭᠳᠠᠯ ᠢᠶᠠᠨ ᠨᠥᠬᠦᠪᠦᠷᠢᠯᠡᠵᠦ ᠂ ᠠᠰᠠᠭᠤᠳᠠᠯ ᠎ ᠤᠨ ᠤᠳᠤᠷᠢᠳᠤᠮᠵᠢ ᠶᠢ ᠲᠤᠪᠤᠶᠢᠯᠭᠠᠵᠦ ᠂ ᠡᠪᠡᠳᠴᠢᠨ ᠳᠤᠨᠢ  ᠲᠣᠬᠢᠷᠠᠭᠤᠯᠤᠨ ᠠᠷᠭ᠎ᠠ ᠠᠪᠴᠤ ᠂ ᠤᠨᠢᠨ ᠳᠡᠭᠡᠷ᠎ᠡ ᠨᠢ ᠬᠦᠴᠦᠯᠡᠬᠦ  ᠬᠡᠷᠡᠭᠲᠠᠢ᠂ ︽ ᠬᠠᠷᠠᠭᠳᠠᠵᠤ ᠪᠠᠶᠢᠭ᠎ᠠ︾ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠂ ︽ ᠪᠤᠳᠤᠵᠦ ᠤᠯᠤᠭᠰᠠᠨ︾ ᠳᠤᠲᠠᠭᠳᠠᠯ ᠲᠠᠢ ᠲᠠᠯ᠎ᠠ ᠪᠠᠨ ᠵᠡᠷᠭᠡᠪᠡᠷ ᠳᠡᠭᠡᠭᠰᠢᠯᠡᠭᠦᠯᠦᠨ᠂ ︽ ᠪᠣᠯᠣᠯᠴᠠᠭ᠎ᠠ ᠲᠠᠢ ︾ ᠪᠠᠭᠤᠷᠠᠢ ᠲᠠᠯ᠎ᠠ ᠪᠠᠨ ᠴᠢᠳᠠᠬᠤ ᠶᠢᠨ ᠬᠢᠷᠢ ᠪᠠᠷ ᠨᠥᠬᠦᠪᠦᠷᠢᠯᠡᠵᠦ ᠂ ᠬᠢᠯᠠᠰ ᠴᠡᠭᠲᠦ ᠣᠨᠴᠠᠯᠢᠭ ᠢ ᠡᠭᠦᠳᠦᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠳᠡᠮᠳᠡᠭᠵᠢᠭᠰᠡᠨ ᠲᠦᠷᠦᠯ ᠵᠦᠢᠯ ᠢ ᠪᠦᠷᠢᠯᠳᠦᠭᠦᠯᠬᠦ ᠬᠡᠷᠡᠭᠲᠡᠢ ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠲᠠᠶᠢᠴᠢᠯᠠᠵᠦ ᠂ ᠠᠵᠢᠯ ᠤᠨ ᠬᠠᠮᠲᠤᠷᠠᠯ ᠬᠦᠴᠦᠨ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠃ ᠡᠯ᠎ᠡ ᠰᠢᠶᠠᠩ ᠪᠠᠯᠭᠠᠰᠤ ᠵᠡᠭᠡᠯᠢ ᠶᠢᠨ ᠬᠢᠨ ᠤᠯᠤᠰ ᠲᠥᠷᠥ ᠶᠢ ᠡᠷᠬᠢᠮᠯᠡᠨ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠪᠦᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠪᠦᠭᠦᠳᠡᠭᠡᠷ ᠢᠶᠠᠨ ᠰᠡᠳᠬᠢᠯ ᠨᠢᠭᠡᠳᠦᠨ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠨᠢᠭᠡ ᠴᠣᠭᠴᠠ ᠶᠢᠨ ᠦᠵᠡᠯ ᠰᠠᠨᠠᠭ᠎ᠠ ᠶᠢ ᠪᠠᠲᠤ ᠴᠣᠭᠴᠠᠯᠠᠵᠤ᠂ ᠤᠶᠢᠯᠠᠭᠠᠯᠴᠠᠭ᠎ᠠ ᠪᠠᠨ ᠴᠢᠩᠭᠠᠳᠬᠠᠨ ᠨᠢᠭᠲᠠ ᠬᠠᠮᠵᠢᠯᠴᠠᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ ᠡᠯ᠎ᠡ ᠲᠠᠯ᠎ᠠ ᠶᠢᠨ ᠡᠬᠢ ᠪᠠᠶᠠᠯᠢᠭ ᠢ ᠰᠠᠶᠢᠲᠤᠷ ᠠᠰᠢᠭᠯᠠᠬᠤ ᠬᠡᠷᠡᠭᠲᠠᠢ᠂ ᠠᠵᠢᠯ ᠢ ᠠᠬᠢᠭᠤᠯᠬᠤ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠂ ᠪᠦᠬᠦ ᠲᠣᠭᠤᠷᠢᠭ ᠤᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠬᠠᠮᠲᠤᠪᠠᠷ ᠠᠬᠢᠭᠤᠯᠤᠨ᠂ 5 ᠰᠠᠷ᠎ᠠ ᠶᠢᠨ ᠰᠢᠨᠡᠳ ᠠᠴᠠ ᠡᠮᠦᠨ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ︵ᠦᠷᠳᠡᠭᠡ︶︶᠎ ᠢ ᠪᠦᠬᠦᠨ ᠢ ᠬᠤᠶᠠᠳᠤᠭᠠᠷ ᠲᠦᠷᠦᠯ ᠠᠴᠠ ᠳᠡᠭᠡᠭᠰᠢ ᠲᠦᠪᠰᠢᠨ ᠳᠤ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠢ ᠃       ᠬᠤᠷᠠᠯ ᠤᠨ ᠳᠠᠷᠠᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠤᠷᠠᠯ ᠳᠤ ᠣᠷᠣᠯᠴᠠᠭᠰᠠᠳ ᠲᠤ ᠶᠤᠸᠠᠨ ᠪᠦᠦ ᠱᠠᠨ ᠲᠣᠭᠤᠷᠢᠭ ᠤᠨ ᠰᠦᠯᠵᠢᠶᠡᠨ ᠳᠡᠭᠡᠷ᠎ᠡ ᠵᠢᠯᠣᠭᠤᠳᠤᠨ ᠲᠣᠬᠢᠷᠠᠭᠤᠯᠬᠤ ᠰᠢᠰᠲ᠋ᠧᠮ ᠤᠨ ᠡᠭᠦᠯᠡᠨ ᠲᠠᠪᠴᠠᠩ ᠤᠨ ᠠᠵᠢᠯᠯᠠᠭᠠᠨ ᠤ ᠪᠣᠯᠪᠠᠰᠤᠷᠠᠯ ᠬᠦᠷᠲᠡᠭᠡᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1