ᠵᠠᠩ ᡁᠢ ᠸᠧᠢ ᠲᠤᠰᠬᠠᠢ ᠰᠡᠳᠦᠪ ᠢᠶᠠᠷ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠣᠳᠣᠯᠤᠯᠲᠠ ᠬᠢᠪᠡ
ᠨᠡᠶᠢᠲᠡᠯᠡᠭᠰᠡᠨ ᠴᠠᠭ᠄
2022/4/20
      4 ᠰᠠᠷ᠎ᠠ ᠶᠢᠨ 14᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂  ᠲᠣᠭᠤᠷᠢᠭ ᠤᠨ ᠳᠠᠷᠤᠭ᠎ᠠ ᠵᠠᠩ ᡁᠢ ᠸᠧᠢ ᠲᠤᠰᠬᠠᠢ ᠰᠡᠳᠦᠪ ᠢᠶᠠᠷ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠂ ᠲᠣᠭᠤᠷᠢᠭ ᠤᠨ ᠳᠡᠳ᠋ ᠳᠠᠷᠤᠭ᠎ᠠ ᠶᠢᠨ ᠮᠢᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
           ᠵᠠᠩ ᡁᠢ ᠸᠧᠢ ᠨᠠᠷ ᠤᠷᠢᠳ ᠬᠤᠵᠢᠳ ᠫᠢᠩ ᠮᠧᠶ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠫᠢᠩ ᠵᠤᠸᠠᠩ ᠠᠭᠤᠷᠬᠠᠢ ᠶᠢᠨ ᠣᠷᠣᠨ ᠤ ᠳᠤᠮᠳᠠᠳᠤ ᠰᠤᠷᠭᠠᠭᠤᠯᠢ᠂ ᠫᠢᠩ ᠵᠤᠸᠠᠩ ᠠᠭᠤᠷᠬᠠᠢ ᠶᠢᠨ ᠣᠷᠣᠨ ᠤ ᠬᠤᠶᠠᠳᠤᠭᠠᠷ ᠪᠠᠭ᠎ᠠ ᠰᠤᠷᠭᠠᠭᠤᠯᠢ᠂ ᠤᠯᠠᠭᠠᠨᠬᠠᠳᠠ ᠶᠢᠨ ᠾᠧ ᠮᠠ ᠲᠤᠷᠰᠢᠯᠲᠠ ᠶᠢᠨ ᠰᠤᠷᠭᠠᠭᠤᠯᠢ᠂ ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ᠂ ᠰᠤᠷᠭᠠᠭᠤᠯᠢ ᠶᠢᠨ ᠬᠢᠴᠢᠶᠡᠯ ᠤᠨ ᠭᠡᠷ᠂ ᠪᠡᠶ᠎ᠡ ᠶᠢᠨ ᠲᠠᠮᠢᠷ ᠤᠨ ᠲᠠᠯᠠᠪᠠᠶ᠂ ᠬᠤᠭᠤᠯᠠᠨ ᠭᠡᠷ᠂ ᠪᠠᠶᠢᠷᠢ ᠶᠢᠨ ᠭᠡᠷ᠂ ᠠᠯᠪᠠᠨ ᠤ ᠤᠷᠴᠢᠨ ᠲᠣᠭᠤᠷᠢᠨ ᠵᠡᠷᠭᠡ ᠭᠠᠵᠠᠷ ᠤᠳ ᠢᠶᠠᠷ ᠰᠤᠷᠭᠠᠭᠤᠯᠢ ᠶᠢᠨ ᠳᠦᠷᠢ ᠳᠦᠷᠬᠦ ᠪᠠ ᠬᠠᠲᠠᠭᠤ ᠲᠣᠨᠤᠭ ᠎ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠎ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
2_副本.jpg
           ᠵᠠᠩ ᡁᠢ ᠸᠧᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ︽ᠠᠷᠪᠠᠨ ᠵᠢᠯ ᠢᠶᠠᠷ ᠮᠤᠳᠤ ᠪᠤᠶᠢᠵᠢᠭᠤᠯᠵᠤ᠂ ᠵᠠᠭᠤᠨ ᠵᠢᠯ ᠢᠶᠠᠷ ᠬᠦᠮᠦᠨ ᠬᠦᠮᠦᠵᠢᠭᠦᠯᠦᠨ᠎ᠡ ︾᠂ ᠰᠤᠷᠭᠠᠨ ᠬᠥᠮᠦᠵᠢᠯ ᠤᠨ ᠠᠵᠢᠯ ᠎ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ ᠠᠷᠠᠳ ᠤᠨ ᠠᠮᠢᠳᠤᠷᠠᠯ ᠤᠨ ᠦᠢᠯᠡᠰ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠦᠷᠭᠡᠳᠬᠡᠨ ᠠᠬᠢᠭᠤᠯᠵᠤ᠂ ᠢᠳᠡᠪᠬᠢᠲᠡᠢ  ᠴᠢᠷᠮᠠᠶᠢᠵᠦ ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠣᠭᠤᠷᠢᠭ ‍ᠤᠨ‌‍ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠤᠷᠭᠠᠭᠤᠯᠢ ᠨᠤᠭᠤᠳ ᠣᠯᠠᠨ ᠡᠰᠢᠵᠢᠭᠰᠡᠨ ᠰᠤᠷᠭᠠᠭᠤᠯᠢ ᠡᠷᠭᠢᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠶᠡᠬᠡᠪᠡᠷ ᠡᠭᠦᠳᠴᠦ ᠂ ᠦᠨᠢᠷ ᠦᠳᠬᠡᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠣᠶ  ᠪᠤᠯᠭᠠᠬᠤ  ᠬᠡᠷᠡᠭᠲᠠᠢ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠳᠠᠯᠳᠠ ᠴᠢᠳᠠᠪᠤᠷᠢ ᠶᠢ ᠠᠭᠤᠳᠠᠯᠤᠨ᠂ ᠰᠤᠷᠤᠭᠴᠢᠳ ᠤᠨ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠥᠳᠡᠯᠮᠦᠷᠢ  ᠵᠡᠷᠭᠡ  ᠲᠠᠯ᠎ᠠ ᠶᠢ ᠪᠦᠷ ᠬᠦᠮᠦᠵᠢᠭᠦᠯᠵᠦ ᠪᠥᠬᠦ ᠲᠠᠯ᠎ᠠ ᠪᠠᠷ ᠬᠦᠭᠵᠢᠬᠦ ᠶᠢ ᠪᠡᠶᠡᠯᠡᠭᠦᠯᠬᠦ ᠬᠡᠷᠡᠭᠲᠡᠢ︔ ᠪᠠᠭᠰᠢ ᠶᠢᠨ ᠪᠣᠯᠪᠠᠰᠤᠷᠠᠯ ᠤᠨ ᠠᠵᠢᠯ ᠢ ᠦᠨᠡᠨᠬᠦ ᠴᠢᠩᠭᠠᠳᠬᠠᠵᠤ ᠂ ᠪᠣᠯᠪᠠᠰᠤᠷᠠᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠲᠡᠷᠢᠭᠦᠨ ᠤ ᠬᠢ ᠎ ᠲᠠᠢ ᠬᠠᠷᠭᠤᠭᠤᠯᠵᠤ ᠂ ᠳᠤᠲᠠᠭᠳᠠᠯ ᠢᠶᠠᠨ ᠨᠦᠬᠦᠪᠦᠷᠢᠯᠡᠨ᠂ ᠨᠡᠩ ᠥᠨᠳᠥᠷ ᠲᠦᠪᠰᠢᠨ ᠲᠠᠢ ᠂ ᠨᠡᠩ ᠥᠨᠳᠥᠷ ᠬᠡᠪ ᠪᠣᠯᠪᠠᠰᠤᠷᠠᠯ ᠲᠠᠢ ᠲᠡᠷᠢᠭᠦᠨ ᠤ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠃
3_副本.jpg
           ᠵᠠᠩ ᡁᠢ ᠸᠧᠢ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠎ ᠨᠢ ᠪᠠᠭ᠎ᠠ ᠶᠠᠪᠤᠳᠠᠯ ᠪᠢᠰᠢ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠨᠡᠬᠦ ᠭᠤᠭᠴᠤᠭ᠎ᠠ ᠶᠢ ᠢᠮᠠᠭᠲᠠ ᠴᠢᠩᠭ᠎ᠠ ᠠᠳᠬᠤᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠂ ᠳᠤᠷᠤᠮᠵᠢᠯᠠᠯ ᠢ ᠰᠡᠷᠭᠡᠶᠢᠯᠡᠬᠦ ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠵᠡᠷᠭᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠢ ᠯᠠᠪᠳᠠᠭᠤᠨ ᠪᠠᠲᠤᠲᠠᠢ ᠥᠷᠨᠢᠭᠦᠯᠵᠦ ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠪᠠ ᠥᠪᠡᠷ ᠢᠶᠠᠨ ᠰᠡᠷᠭᠡᠶᠢᠯᠡᠬᠦ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠡᠯ᠎ᠡ ᠵᠦᠢᠯ ᠤᠨ ᠠᠮᠤᠷ ᠲᠦᠪᠰᠢᠨ ᠤ ᠠᠵᠢᠯ ᠤᠨ ᠪᠡᠯᠡᠳᠬᠡᠯ ᠲᠥᠰᠥᠯ ᠢ ᠨᠠᠷᠢᠨ ᠨᠢᠮᠪᠠᠢ ᠰᠠᠶᠢᠲᠤᠷ ᠬᠢᠵᠦ ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠨᠠᠷᠢᠨ ᠬᠢᠨᠠᠮᠠᠭᠠᠢ ᠥᠷᠨᠢᠭᠦᠯᠵᠦ ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠷᠲᠤᠮᠵᠢ ᠶᠢᠨ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠴᠢᠨᠠᠭᠰᠢᠳᠠ ᠴᠢᠩᠭᠠᠳᠬᠠᠨ ᠪᠦᠷᠢᠨᠰᠢᠭᠦᠯᠵᠦ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠬᠡᠮ ᠰᠣᠭᠤᠭ ᠢ ᠪᠠᠶᠢᠴᠠᠭᠠᠬᠤ ᠪᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠠᠷᠢᠨ ᠨᠢᠭᠲᠠ ᠰᠠᠶᠢᠲᠤᠷ ᠬᠢᠵᠦ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠦᠬᠦ ᠬᠦᠴᠦ ᠪᠠᠷ ᠢᠶᠠᠨ ᠬᠠᠮᠠᠭᠠᠯᠠᠬᠤ ᠬᠡᠷᠡᠭᠲᠡᠢ᠃
4_副本.jpg
           ᠵᠠᠩ ᡁᠢ ᠸᠧᠢ ᠱᠠᠭᠠᠷᠳᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠶᠢᠯᠡᠨ ᠠᠳᠬᠤᠵᠤ᠂ ᠡᠯ᠎ᠡ ᠰᠤᠷᠭᠠᠭᠤᠯᠢ ᠶᠢᠨ ᠬᠢᠨ ᠪᠠᠶᠢᠳᠠᠯ ᠢ ᠲᠣᠳᠣᠷᠬᠠᠢ ᠪᠦᠭᠡᠳ ᠣᠨᠣᠪᠴᠢᠲᠠᠶ ᠣᠶᠢᠯᠠᠭᠠᠵᠤ᠂ ᠲᠣᠰ ᠰᠤᠷᠭᠠᠭᠤᠯᠢ ᠶᠢᠨ ᠪᠠᠭᠰᠢ ᠰᠣᠷᠣᠭᠴᠢ ᠵᠢᠴᠢ ᠭᠡᠷ ᠤᠨ ᠠᠬᠠᠮᠠᠳ ᠤᠨ ᠠᠶᠠᠯᠠᠯ ᠤᠨ ᠵᠠᠮ ᠮᠥᠷ ᠪᠣᠯᠣᠨ ᠡᠷᠡᠭᠦᠯ ᠮᠡᠨᠳᠦ ᠶᠢᠨ ᠪᠠᠶᠢᠳᠠᠯ ᠢ ᠦᠨᠡᠨ ᠪᠣᠳᠠᠲᠠᠢ ᠡᠵᠡᠮᠰᠢᠵᠦ᠂ ᠰᠤᠷᠭᠠᠭᠤᠯᠢ ᠳᠤ ᠣᠴᠢᠬᠤ ᠪᠣᠭᠤᠮᠲᠠ ᠶᠢ ᠰᠠᠶᠢᠲᠤᠷ ᠰᠠᠬᠢᠵᠤ᠂ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠵᠢᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠣᠷᠠᠬᠢ ᠰᠤᠷᠤᠭᠴᠢᠳ ᠤᠨ ᠦᠵᠡᠯ ᠰᠠᠨᠠᠭᠠᠨ ᠤ ᠬᠥᠳᠡᠯᠦᠩᠭᠦᠢ ᠬᠤᠪᠢᠷᠠᠯᠲᠠ ᠶᠢ ᠭᠦᠨᠵᠡᠭᠡᠢ ᠣᠶᠢᠯᠠᠭᠠᠵᠤ ᠂ ᠰᠤᠷᠤᠭᠴᠢᠳ ᠤᠨ ᠬᠦᠰᠡᠯ ᠱᠠᠭᠠᠷᠳᠠᠯᠭ᠎ᠠ ᠶᠢ ᠣᠨᠤᠪᠴᠢᠲᠠᠢ ᠡᠵᠡᠮᠰᠢᠨ᠂ ᠰᠤᠷᠤᠭᠴᠢᠳ ᠢ ᠬᠥᠲᠥᠯᠥᠨ ᠵᠢᠯᠤᠭᠤᠳᠬᠤ ᠪᠠ ᠰᠡᠳᠬᠢᠴᠡ ᠶᠢᠨ ᠵᠢᠯᠣᠭᠤᠳᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠷᠢᠨ ᠳᠦᠷᠢᠮ  ᠲᠠᠢ ᠴᠢᠩᠭ᠎ᠠ ᠬᠠᠷᠭᠤᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠪᠥᠬᠦ ᠪᠠᠭᠰᠢ ᠰᠤᠷᠤᠭᠴᠢᠳ ᠲᠤ ᠡᠷᠡᠭᠦᠯ ᠮᠡᠨᠳᠦ ᠠᠮᠤᠷ ᠲᠦᠪᠰᠢᠨ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1