ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠡᠢ
ᠨᠡᠶᠢᠲᠡᠯᠡᠭᠰᠡᠨ ᠴᠠᠭ᠄
2022/4/22
      ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠎ ᠨᠢ ᠡᠯ᠎ᠡ ᠰᠢᠶᠠᠩ ᠪᠠᠯᠭᠠᠰᠤ ᠵᠡᠭᠡᠯᠢ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠪᠠ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃
微信图片_20220422095530_副本.jpg
微信图片_20220422095546_副本.jpg
           ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠳᠤᠮᠳᠠᠬᠢ ᠬᠠᠭᠤᠴᠢᠨ ᠡᠳ᠋᠂ ᠬᠠᠶᠠᠭᠳᠠᠮᠠᠯ ᠡᠳ᠋ ᠢ ᠬᠤᠷᠢᠶᠠᠨ ᠠᠪᠬᠤ ᠭᠠᠵᠠᠷ ᠲᠤ ᠨᠠᠷᠢᠨ ᠪᠠᠶᠢᠴᠠᠭᠠᠯᠲᠠ ᠬᠢᠵᠦ᠂ ᠰᠢᠨᠡᠳᠴᠦ ᠪᠣᠯᠬᠤ ᠡᠬᠢ ᠪᠠᠶᠠᠯᠢᠭ ᠢ ᠬᠤᠷᠢᠶᠠᠨ ᠠᠪᠬᠤ ᠭᠠᠵᠠᠷ ᠨᠡᠶᠢᠲᠡ 20 ᠴᠡᠭ ᠢ ᠪᠠᠶᠢᠴᠠᠭᠠᠪᠠ᠃ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠲᠤᠲᠤᠮ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠰᠢᠨᠡᠳᠴᠦ ᠪᠣᠯᠬᠤ ᠡᠬᠢ ᠪᠠᠶᠠᠯᠢᠭ ᠢ ᠬᠤᠷᠢᠶᠠᠨ ᠠᠪᠬᠤ ᠭᠠᠵᠠᠷ ᠤᠳ ᠢ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠬᠡᠷᠡᠭᠯᠡᠭᠴᠢ ᠶᠢ ᠳᠠᠩᠰᠠᠯᠠᠬᠤ᠂ ᠠᠷᠢᠭᠤᠳᠬᠠᠬᠤ ᠂ ᠲᠠᠯᠠᠪᠣᠷ ᠤᠨ ᠺᠣᠳ᠋ ᠰᠢᠷᠪᠢᠬᠦ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠢᠳᠬᠠᠨ ᠱᠠᠭᠠᠷᠳᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠪᠠᠰᠠ 6 ᠰᠢᠤᠳᠠᠨ ᠤ ᠲᠦᠷᠭᠡᠨ ᠭᠤᠪᠢᠭᠤᠯᠭ᠎ᠠ ᠶᠢᠨ ᠭᠠᠵᠠᠷ ᠎ ᠲᠤ ᠪᠠᠶᠢᠴᠠᠭᠠᠯᠲᠠ ᠬᠢᠵᠦ᠂ ᠲᠦᠷᠭᠡᠨ ᠭᠤᠪᠢᠭᠤᠯᠭ᠎ᠠ ᠶᠢᠨ ᠭᠠᠵᠠᠷ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠷᠬᠡᠪᠰᠢ ᠰᠠᠶᠢᠲᠤᠷ ᠨᠠᠶᠢᠳᠠᠪᠤᠷᠢᠵᠢᠭᠤᠯᠵᠦ᠂ ᠰᠡᠷᠭᠡᠶᠢᠯᠡᠨ ᠡᠵᠡᠮᠳᠡᠬᠦ ᠡᠨᠡᠬᠦ ᠭᠤᠭᠴᠤᠭ᠎ᠠ ᠶᠢ ᠢᠮᠠᠭᠲᠠ ᠴᠢᠩᠭ᠎ᠠ ᠠᠳᠬᠤᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃      ᠲᠣᠰ ᠤᠳᠠᠭᠠᠨ ᠤ ᠪᠠᠶᠢᠴᠠᠭᠠᠯᠲᠠ ᠨᠢ ᠡᠵᠡᠩᠨᠡᠭᠴᠢᠳ ᠤᠨ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1