ᠶᠤᠸᠠᠨ ᠪᠦᠦ ᠱᠠᠨ ᠲᠣᠭᠤᠷᠢᠭ 2022 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/22
     2022 ᠣᠨ ᠪᠣᠯ ︽ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ   ᠳᠦᠷᠢᠮᠵᠢᠭᠦᠯᠬᠦ ᠣᠨ︾ ᠪᠣᠯᠣᠨ᠎ᠠ᠂ 4 ᠰᠠᠷ᠎ᠠ ᠪᠣᠯ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠪᠣᠯᠣᠨ᠎ᠠ᠃ 4 ᠰᠠᠷ᠎ᠠ ᠶᠢᠨ 15᠎ ᠤ ᠡᠳᠦᠷ᠂ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︽ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠲᠣᠣᠷ ᠢ ᠨᠢᠭᠲᠠ ᠰᠦᠯᠵᠢᠵᠦ᠂ ᠡᠮ ᠡᠮᠨᠡᠯᠭᠡ ᠶᠢᠨ ᠳᠠᠭᠠᠳᠬᠠᠯ ᠤᠨ ᠰᠡᠷᠭᠡᠶᠢᠯᠡᠨ ᠬᠠᠮᠠᠭᠠᠯᠠᠬᠤ ᠱᠤᠭᠤᠮ ᠢ ᠬᠠᠮᠲᠤ ᠪᠠᠷ ᠪᠠᠶᠢᠭᠤᠯᠬᠤ︾᠎ ᠪᠠᠷ ᠤᠬᠠᠭᠤᠯᠭ᠎ᠠ ᠶᠢᠨ ᠭᠤᠣᠯ ᠰᠡᠳᠦᠪ ᠪᠣᠯᠭᠠᠵᠤ᠂ ᠤᠯᠠᠭᠠᠨᠬᠠᠳᠠ ᠶᠢᠨ ᠪᠦᠦ ᠱᠠᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ 2022 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠦᠷᠨᠢᠭᠦᠯᠪᠡ᠃
1_副本.jpg
2_副本.jpg
3_副本.jpg
         ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯᠣᠨ ᠤᠯᠠᠭᠠᠨᠬᠠᠳᠠ ᠶᠢᠨ ᠪᠦᠦ ᠱᠠᠨ ᠡᠮᠨᠡᠯᠭᠡ ᠶᠢᠨ ᠬᠤᠷᠢᠶᠠᠨ ᠤ ᠠᠵᠢᠯᠲᠠᠳ ᠨᠠᠭᠠᠰᠢ ᠴᠠᠭᠠᠰᠢ ᠦᠩᠭᠡᠷᠡᠬᠦ ᠡᠮᠴᠢ᠂ ᠡᠪᠡᠳᠴᠢᠲᠡᠨ᠂ ᠭᠡᠷ ᠪᠦᠯᠢ ᠶᠢᠨ ᠬᠢᠨ ᠳᠤ ᠡᠮ ᠡᠮᠨᠡᠯᠭᠡ ᠶᠢᠨ ᠳᠠᠭᠠᠳᠬᠠᠯ ᠤᠨ ᠮᠡᠬᠡᠯᠡᠯ ᠤᠨ ᠬᠤᠣᠷ ᠬᠥᠨᠥᠭᠡᠯ ᠢ ᠲᠠᠶᠢᠯᠪᠤᠷᠢᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ᠂ ︽ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾᠎ ᠤᠨ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠣᠯᠡᠨ ᠲᠦᠮᠡᠨ ᠤ ᠤᠶᠢᠯᠠᠭᠠᠯᠳᠠ ᠶᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠬᠢᠨᠠᠨ ᠬᠠᠮᠢᠶᠠᠷᠤᠯᠲᠠ ᠶᠢᠨ ᠬᠠᠦᠯᠢ ᠳᠦᠷᠢᠮ ᠲᠥᠷᠥ ᠶᠢᠨ ᠪᠣᠳᠤᠯᠭ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃     ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠵᠢᠨ‌‍ᠲ᠋ᠣᠪᠴᠢᠶ᠎ᠠ ᠨᠢ ᠬᠠᠤᠯᠢ ᠬᠡᠷᠡᠭᠵᠢᠭᠦᠯᠦᠯᠲᠡ ᠶᠢ ᠴᠢᠩᠭ᠎ᠠ ᠳᠦᠷᠢᠮᠵᠢᠭᠦᠯᠵᠦ  ᠂ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠦᠨᠳᠦᠰᠦᠯᠡᠯ᠂ ᠬᠠᠤᠯᠢ ᠬᠡᠷᠡᠭᠵᠢᠭᠦᠯᠬᠦ ᠶᠠᠪᠤᠴᠠ᠂ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠦᠷᠭᠦᠯᠵᠢᠯᠡᠨ ᠡᠮᠬᠢᠯᠡᠨ ᠳᠢᠭᠯᠡᠵᠦ᠂ ᠠᠵᠢᠯ ᠤᠨ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠡᠩᠨᠡᠭᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠵᠢᠭᠦᠯᠵᠦ᠂ ᠠᠷᠠᠳ ᠣᠯᠠᠨ ᠤ ︽ᠡᠪᠡᠳᠴᠢᠨ ᠵᠠᠰᠠᠬᠤ ᠵᠣᠭᠤᠰ᠂ ᠠᠮᠢ ᠠᠪᠤᠷᠠᠬᠤ ᠵᠣᠭᠤᠰ︾᠎ ᠢ ᠦᠨᠡᠨ ᠬᠦ ᠰᠠᠬᠢᠨ ᠬᠠᠮᠠᠭᠠᠯᠠᠨ᠎ᠠ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1