ᠮᠤᠬᠤᠷ ᠭᠤᠣᠯ ᠪᠠᠯᠭᠠᠰᠤ ᠠᠶᠢᠯ ᠲᠣᠰᠬᠤᠨ ᠢ ᠨᠣᠭᠤᠭᠠᠷᠠᠭᠤᠯᠤᠨ ᠭᠤᠶᠣᠵᠢᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠩᠭᠡ ᠬᠡᠷᠡᠯ ᠨᠡᠮᠡᠷᠢᠯᠡᠨ᠎ᠡ
ᠨᠡᠶᠢᠲᠡᠯᠡᠭᠰᠡᠨ ᠴᠠᠭ᠄
2022/4/24
      ᠡᠨᠡ ᠵᠢᠯ ᠤᠨ ᠬᠠᠪᠤᠷ ᠠᠴᠠ ᠨᠠᠰᠢ ᠂ ᠮᠤᠬᠤᠷ ᠭᠤᠣᠯ ᠪᠠᠯᠭᠠᠰᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ︽ ᠬᠥᠬᠡᠮᠳᠦᠭ ᠠᠭᠤᠯᠠ ᠲᠤᠩᠭᠠᠯᠠᠭ ᠤᠰᠤ ᠪᠣᠯ ᠠᠯᠳᠠ ᠮᠥᠩᠭᠦᠨ ᠠᠭᠤᠯᠠ ᠮᠥᠨ ︾ ᠭᠡᠬᠦ ᠣᠶᠢᠯᠠᠭᠠᠭᠳᠠᠬᠤᠨ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ ᠂ 2022 ᠣᠨ ᠤ ᠬᠠᠪᠤᠷ ᠤᠨ ᠤᠯᠠᠷᠢᠯ ᠤᠨ ᠠᠶᠢᠯ ᠲᠣᠰᠬᠤᠨ ᠤ ᠮᠣᠳᠣ ᠲᠠᠷᠢᠵᠤ ᠨᠣᠭᠤᠭᠠᠷᠠᠭᠤᠯᠤᠨ ᠭᠤᠶᠣᠵᠢᠭᠤᠯᠬᠤ ᠠᠵᠢᠯ ᠢ ᠥᠷᠨᠢᠭᠦᠯᠵᠦ ᠂ ᠲᠠᠷᠢᠵᠦ ᠨᠤᠭᠤᠭᠠᠷᠠᠭᠤᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠂ ᠠᠮᠢ ᠠᠬᠤᠢ ᠎ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠨ᠎ᠠ᠃ 
1_副本.png
           ᠤᠷᠢᠳᠠᠪᠠᠷ ᠲᠦᠯᠦᠪᠵᠢᠭᠦᠯᠪᠡ ᠃ ᠮᠤᠬᠤᠷ ᠭᠤᠣᠯ ᠪᠠᠯᠭᠠᠰᠤ ᠨᠢ ᠤᠷᠢᠳᠠᠪᠠᠷ ᠪᠠᠯᠭᠠᠰᠤᠨ ᠤ ᠪᠦᠬᠦ ᠬᠡᠪᠴᠢᠶ᠎ᠡ ᠪᠠᠷ ᠦᠩᠭᠡᠷᠡᠬᠦ 219 ᠮᠤᠵᠢ ᠶᠢᠨ ᠵᠠᠮ ᠵᠢᠴᠢ ᠡᠯ᠎ᠡ ᠲᠣᠰᠬᠤᠨ ᠤ ᠵᠠᠮ ᠢ ᠨᠢᠭᠡᠳᠦᠯᠲᠡᠢ ᠲᠥᠯᠥᠪᠯᠡᠵᠦ᠂ 287 ᠮᠦ ᠮᠠᠭᠤᠳᠠᠭᠰᠠᠨ ᠤᠢ  ᠶᠢ ᠰᠡᠷᠭᠦᠭᠡᠨ ᠵᠠᠰᠠᠵᠤ ᠂ 236 ᠮᠦ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠂ ︽ ᠤᠯᠠᠭᠠᠨᠬᠠᠳᠠ ᠶᠤᠸᠠᠨ ᠪᠦᠦ ᠱᠠᠨ︾ ᠨᠢᠭᠡᠳᠦᠭᠡᠷ ᠳᠡᠰ ᠤᠨ ᠵᠠᠮ ᠤᠨ ᠬᠤᠶᠠᠷ ᠬᠠᠵᠠᠭᠤ ᠂ ᠭᠤᠣᠯᠳᠠᠯᠭ᠎ᠠ ᠲᠠᠢ ᠲᠣᠰᠬᠤᠨ ᠤ ᠭᠤᠣᠯᠳᠠᠯᠭ᠎ᠠ ᠲᠠᠢ ᠵᠠᠮ ᠤᠨ ᠨᠡᠶᠢᠲᠡ ᠶᠢᠨ  ᠨᠣᠭᠤᠭᠠᠷᠠᠭᠤᠯᠤᠯᠲᠠ ᠶᠢᠨ ᠭᠠᠵᠠᠷ ᠂ ᠰᠢᠶᠠᠩ ᠤᠨ ᠵᠠᠮ ᠭᠤᠳᠤᠮᠵᠢ ᠂ ᠠᠵᠦ ᠦᠢᠯᠡᠰ ᠤᠨ ᠬᠦᠷᠢᠶᠡᠯᠡᠩ ‍ᠤᠨ‌‍ᠲ᠋ᠣᠭᠤᠷᠢᠭ ᠤᠨ ᠡᠷᠬᠢᠨ ᠲᠣᠭᠤᠷᠢᠨ ᠵᠡᠷᠭᠡ ᠭᠠᠵᠠᠷ ᠲᠤ 4000 ᠭᠠᠷᠤᠢ ᠰᠠᠭᠤᠷᠢ ᠲᠣᠬᠢᠷᠠᠮᠵᠢᠲᠠᠢ ᠮᠣᠳᠣᠨ ᠤ ᠲᠦᠷᠦᠯ ᠢ ᠰᠣᠩᠭᠤᠨ ᠲᠠᠷᠢᠵᠦ ᠂ ᠪᠣᠬᠢᠷᠳᠤᠯ ᠦᠭᠡᠢ ᠠᠮᠢ ᠠᠬᠤᠢ ᠶᠢᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠬᠤᠪᠢᠷᠠᠭᠤᠯᠵᠤ ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ  ᠳᠡᠭᠡᠭᠰᠢᠯᠡᠭᠦᠯᠬᠦ ᠪᠠᠷ ᠲᠦᠯᠦᠪᠵᠢᠭᠦᠯᠪᠡ᠃ 
2_副本.png
           ᠪᠣᠳᠠᠲᠠᠢ ᠲᠠᠢ ᠤᠶᠠᠯᠳᠤᠭᠤᠯᠪᠠ ᠃ ᠬᠠᠪᠤᠷ ᠤᠨ ᠤᠯᠠᠷᠢᠯ ᠤᠨ ᠠᠰᠢᠭᠲᠠᠢ ᠴᠠᠭ ᠲᠣᠬᠢᠶᠠᠯ ᠢ ᠠᠮᠵᠢᠵᠤ ᠂ ᠮᠣᠳᠣ ᠲᠠᠷᠢᠵᠤ ᠨᠣᠭᠤᠭᠠᠷᠠᠭᠤᠯᠬᠤ ᠠᠵᠢᠯ ᠢ ᠦᠳᠲᠡᠷ ᠲᠦᠷᠭᠡᠨ ᠦᠷᠨᠢᠭᠦᠯᠪᠡ᠃ ᠡᠯ᠎ᠡ ᠲᠣᠰᠬᠤᠨ ᠤ ᠬᠢᠨ ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠣᠪᠤᠭᠠᠷᠠᠨ ᠬᠤᠷᠠᠮᠳᠤᠭᠰᠠᠨ ᠬᠤᠭ ᠨᠣᠪᠰᠢ ᠶᠢ ᠴᠡᠪᠡᠷᠯᠡᠭᠰᠡᠨ ᠤ ᠳᠠᠷᠠᠭ᠎ᠠ᠂ ᠬᠤᠭ ᠨᠣᠪᠰᠢ  ᠬᠤᠷᠠᠮᠳᠤᠨ ᠣᠪᠤᠭᠠᠷᠠᠵᠤ ᠣᠷᠴᠢᠨ ᠲᠣᠭᠤᠷᠢᠨ ᠢ ᠪᠣᠬᠢᠷᠲᠤᠭᠤᠯᠬᠤ ᠶᠠᠪᠤᠳᠠᠯ ᠳᠠᠬᠢᠨᠳᠠ ᠡᠭᠦᠰᠬᠦ ᠠᠴᠠ ᠪᠦᠲᠦᠮᠵᠢᠲᠡᠶ ᠰᠡᠷᠭᠡᠶᠢᠯᠡᠬᠦ ᠶᠢᠨ ᠲᠦᠯᠦᠭᠡ ᠂ ᠵᠠᠮ ᠤᠨ ᠬᠤᠶᠠᠷ ᠬᠠᠵᠠᠭᠤ ᠶᠢᠨ ᠬᠤᠭᠤᠰᠤᠨ ᠭᠠᠵᠠᠷ ᠲᠤ ᠲᠥᠯᠥᠪᠯᠡᠭᠡ ᠶᠣᠰᠣᠭᠠᠷ ᠮᠣᠳᠣ ᠲᠠᠷᠢᠨ ᠨᠣᠭᠤᠭᠠᠷᠠᠭᠤᠯᠵᠤ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠣᠶᠢᠵᠢᠭᠤᠯᠵᠤ ᠨᠣᠭᠤᠭᠠᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠪᠠ᠃ 
3_副本.png
          ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ ᠃ ᠣᠳᠣᠬᠠᠨ ᠳᠤ ᠂ ᠮᠤᠬᠤᠷ ᠭᠤᠣᠯ ᠪᠠᠯᠭᠠᠰᠤᠨ ᠤ ᠨᠠᠮ ᠤᠨ ᠭᠡᠰᠢᠭᠦᠨ ᠺᠠᠳ᠋ᠷ 2000 ᠭᠠᠷᠤᠢ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ ᠂ 7 ᠲᠣᠰᠬᠤᠨ ᠨᠡᠶᠢᠳᠡ 140 ᠮᠦ ᠮᠠᠭᠤᠳᠠᠭᠰᠠᠨ ᠤᠢ ᠶᠢ ᠵᠠᠰᠠᠵᠤ ᠰᠡᠷᠭᠦᠭᠡᠨ᠂ 236 ᠮᠦ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢᠨ ᠬᠠᠮᠲᠤ ᠲᠣᠰᠬᠤᠨ ᠤ ᠭᠤᠣᠯ ᠵᠠᠮ ᠂ ᠠᠭᠤᠳᠠᠮ ᠲᠠᠯᠠᠪᠠᠢ ᠂ ᠭᠤᠳᠤᠮᠵᠢ ᠵᠡᠷᠭᠡ ᠤᠯᠠᠨ ᠨᠡᠶᠢᠲᠡ ᠶᠢᠨ ᠭᠠᠵᠠᠷ ᠢᠶᠠᠷ ᠭᠤᠣᠯᠳᠠᠯᠭ᠎ᠠ ᠪᠣᠯᠭᠠᠵᠤ ᠂  ᠶᠡᠭᠡ ᠬᠡᠪᠴᠢᠶ᠎ᠡ ᠪᠠᠷ ᠠᠷᠴᠠ ᠶᠢᠨ ᠰᠢᠪᠡᠭᠡ᠂  ᠰᠢᠷ᠎ᠠ ᠪᠤᠷᠭᠠᠰᠤ ᠂ ᠴᠠᠷᠠᠰᠤ᠂ ᠬᠠᠶᠢᠲᠠᠩ ᠵᠡᠷᠭᠡ ᠮᠣᠲᠤᠨ ᠤ  ᠴᠢᠬᠢ ᠶᠢ 3000 ᠰᠢᠬᠠᠮ ᠰᠠᠭᠤᠷᠢ ᠰᠠᠭᠤᠯᠭᠠᠵᠠᠢ᠃ 
4_副本.png
          ᠳᠠᠷᠠᠭᠠᠴᠢ ᠶᠢᠨ ᠠᠯᠬᠤᠮ ᠳᠤ ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠡᠯ᠎ᠡ ᠲᠣᠰᠬᠤᠨ ᠤ ᠬᠢᠨ ᠨᠣᠭᠤᠭᠠᠷᠠᠭᠤᠯᠤᠯᠲᠠ ᠶᠢᠨ ᠭᠠᠵᠠᠷ ᠲᠤ ᠤᠰᠤᠯᠠᠬᠤ᠂ ᠴᠢᠬᠢ ᠮᠣᠳᠤ ᠨᠦᠬᠦᠵᠦ ᠰᠠᠭᠤᠯᠭᠠᠬᠤ᠂ ᠡᠪᠡᠰᠦ ᠦᠭᠲᠡᠭᠡᠬᠦ᠂ ᠬᠤᠪᠠᠭ᠋ᠠᠶᠢᠷᠠᠭᠰᠠᠨ ᠢ ᠴᠡᠪᠡᠷᠯᠡᠬᠦ ᠵᠡᠷᠭᠡ ᠬᠠᠪᠤᠷ ᠤᠨ ᠤᠯᠠᠷᠢᠯ ᠤᠨ ᠠᠷᠠᠴᠢᠯᠠᠯᠲᠠ ᠶᠢᠨ ᠠᠵᠢᠯ ᠶᠠᠪᠤᠭᠳᠠᠭᠤᠯᠵᠤ᠂ ᠴᠢᠬᠢ ᠮᠣᠳᠣᠨ ᠤ ᠦᠷᠨᠢᠭᠦᠨ ᠥᠰᠬᠦ ᠶᠢ ᠪᠠᠲᠤᠯᠠᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1