ᠶᠤᠸᠠᠨ ᠪᠦᠦ ᠱᠠᠨ ᠲᠣᠭᠤᠷᠢᠭ ᠤᠨ ᠣᠯᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/4/25
     ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠤᠳ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠎ ᠳᠤ ᠪᠥᠬᠦ ᠲᠠᠯ᠎ᠠ ᠎ ᠶᠢᠨ  ᠪᠠᠶᠢᠴᠠᠭᠠᠯᠲᠠ ᠪᠣᠯᠤᠨ ᠴᠡᠭᠴᠡᠯᠡᠨ ᠵᠠᠰᠠᠯᠲᠠ ᠬᠢᠵᠦ ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠳᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠨ᠂ ᠳᠠᠯᠳᠠ ᠠᠶᠤᠯ ᠢ ᠴᠠᠭ ᠲᠤᠬᠠᠢ ᠳᠤᠨᠢ ᠠᠷᠢᠯᠭᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ  ᠎ ᠳᠠᠬᠢ ᠰᠤᠷᠭᠠᠭᠤᠯᠢ ᠶᠢᠨ ᠭᠠᠳᠠᠨ᠎ᠠ ᠨᠠᠶᠢᠳᠠᠨ ᠬᠠᠮᠢᠶᠠᠷᠤᠭᠤᠯᠬᠤ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠪᠠ᠃ 
1_副本.png
      ᠪᠠᠶᠢᠴᠠᠭᠠᠯᠲᠠ ᠶᠢᠨ ᠳᠤᠮᠳᠠ᠂ ᠡᠯ᠎ᠡ ᠰᠠᠯᠠᠭ᠎ᠠ ᠮᠥᠴᠢᠷ ᠎ ᠤᠨ ᠎ ᠬᠢᠨ ︽ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠭᠤᠣᠯᠳᠠᠯᠭ᠎ᠠ ᠶᠢ ᠳᠣᠪᠤᠶᠢᠯᠭᠠᠬᠤ︾ ᠵᠠᠷᠴᠢᠮ ᠶᠣᠰᠣᠭᠠᠷ᠂ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠪᠠ ᠠᠵᠢᠯ ᠲᠥᠷᠥᠯ ᠤᠨ ᠠᠮᠤᠷ ᠲᠦᠪᠰᠢᠨ ᠤ ᠵᠢᠷᠤᠮᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠡᠷ ᠪᠠᠶᠢᠰᠢᠩ ᠤᠨ ᠠᠮᠤᠷ ᠲᠦᠪᠰᠢᠨ᠂ ᠡᠵᠡᠩᠨᠡᠯᠲᠡ ᠶᠢᠨ ᠵᠥᠪᠰᠢᠶᠡᠷᠡᠯ᠂ ᠢᠳᠡᠭᠡᠨ ᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠭᠠᠯ ᠢ ᠰᠡᠷᠭᠡᠶᠢᠯᠡᠬᠦ ᠵᠡᠷᠭᠡ ᠲᠠᠯ᠎ᠠ ᠳᠤ ᠪᠥᠬᠦ ᠲᠠᠯ᠎ᠠ᠂ ᠣᠯᠠᠨ ᠬᠠᠷᠠᠭᠠᠰᠤ᠂ ᠣᠯᠠᠨ ᠳᠠᠪᠬᠤᠷᠭ᠎ᠠ ᠶᠢᠨ ᠪᠠᠶᠢᠴᠠᠭᠠᠯᠲᠠ ᠬᠢᠪᠡ᠃ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠴᠠᠭᠠᠯᠲᠠ ᠶᠢᠨ ᠳᠤᠮᠳᠠ ᠤᠯᠵᠣ ᠮᠡᠳᠡᠭᠰᠡᠨ ᠣᠨᠴᠠ ᠵᠠᠷᠢᠮ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠎ ᠨᠢ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠭᠡᠢ ᠪᠠᠶᠢᠬᠤ᠂ ᠲᠣᠭᠲᠠᠭᠠᠯ ᠶᠣᠰᠣᠭᠠᠷ ᠢᠳᠡᠭᠡᠨ ᠤ ᠵᠦᠢᠯ ᠤᠨ ᠦᠯᠢᠭᠡᠷ ᠶᠠᠩᠵᠤ ᠎ ᠶᠢ ᠦᠯᠡᠳᠡᠭᠡᠬᠦ ᠦᠭᠡᠢ ᠪᠠᠶᠢᠬᠤ ᠵᠡᠷᠭᠡ ᠠᠰᠠᠭᠤᠳᠠᠯ ᠎ ᠳᠤ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠴᠤ᠂ ᠴᠡᠭᠴᠡᠯᠡᠨ ᠥᠭᠡᠷᠡᠴᠢᠯᠡᠬᠦ ᠰᠠᠨᠠᠯ ᠤᠨ ᠮᠡᠳᠡᠭᠳᠡᠯ ᠤᠨ ᠪᠢᠴᠢᠭ ᠪᠠᠭᠤᠯᠭᠠᠨ ᠂ ᠡᠵᠡᠩᠨᠡᠭᠴᠢᠳ ᠢ ᠳᠠᠷᠤᠶᠢᠬᠠᠨ ᠴᠡᠭᠴᠡᠯᠡᠨ ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠭᠰᠠᠨ ᠪᠦᠭᠡᠳ ᠡᠵᠡᠩᠨᠡᠭᠴᠢᠳ ᠢ ᠪᠠᠷᠠᠭ᠎ᠠ ᠣᠷᠣᠭᠤᠯᠤᠭᠰᠠᠨ ᠲᠡᠮᠳᠡᠭᠯᠡᠯ᠂ ᠠᠷᠢᠭᠤᠳᠬᠠᠭᠰᠠᠨ ᠲᠡᠮᠳᠡᠭᠯᠡᠯ᠂ ᠢᠳᠡᠭᠡᠨ ᠤ ᠵᠦᠢᠯ ᠤᠨ ᠦᠯᠢᠭᠡᠷ ᠶᠠᠩᠵᠦ ᠶᠢ ᠦᠯᠡᠳᠡᠭᠡᠭᠰᠡᠨ ᠲᠡᠮᠳᠡᠭᠯᠡᠯ ᠬᠢᠵᠦ᠂ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠷᠢᠮᠵᠢᠶ᠎ᠠ ᠪᠠᠨ ᠴᠢᠩᠭᠠᠳᠬᠠᠵᠤ ᠂ ᠵᠢᠷᠤᠮᠵᠢᠭᠤᠯᠤᠨ ᠡᠵᠡᠩᠨᠡᠵᠦ ᠂ ᠰᠤᠷᠤᠭᠴᠢᠳ ᠤᠨ ᠢᠳᠡᠭᠡᠨ ᠤᠮᠳᠠᠭᠠᠨ ᠪᠠ ᠣᠯᠠᠨ ᠨᠡᠶᠢᠲᠡ ᠶᠢᠨ ᠠᠮᠤᠷ ᠲᠦᠪᠰᠢᠨ ᠳᠤ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠵᠠᠢ᠃ ᠪᠠᠶᠢᠴᠠᠭᠠᠬᠤ ᠳᠤᠭᠤᠶᠢᠯᠠᠩ ᠤᠨ ᠎ ᠬᠢᠨ ᠣᠨᠴᠠᠭᠠᠶᠢᠯᠠᠨ ᠵᠢᠭᠠᠵᠤ ᠭᠠᠷᠭᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠨᠡᠯᠢᠶᠡᠳ ᠬᠦᠨᠳᠦ ᠬᠡᠴᠡᠭᠦᠦ ᠪᠠᠶᠢᠭ᠎ᠠ ᠪᠠᠶᠢᠳᠠᠯ ᠎ ᠳᠤ ᠂ ᠰᠤᠷᠭᠠᠭᠤᠯᠢ ᠶᠢᠨ ᠭᠠᠳᠠᠨᠠᠬᠢ ᠡᠯ᠎ᠡ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ‌ᠡᠷᠬᠡᠪᠰᠢ ᠶᠤᠸᠠᠨ ᠪᠦᠦ ᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠠᠵᠢᠯᠲᠠᠨ ᠵᠢᠴᠢ ᠰᠤᠷᠤᠭᠴᠢᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠴᠠᠭ ᠲᠤᠬᠠᠢ ᠳᠤᠨᠢ ᠲᠡᠭᠦᠯᠳᠡᠷᠵᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ 
2_副本.png
         ᠪᠠᠶᠢᠴᠠᠭᠠᠬᠤ ᠶᠠᠪᠤᠴᠠ ᠳᠤ ᠂ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠲᠥᠬᠦᠭᠡᠷᠦᠮᠵᠢ ᠶᠢᠨ ᠠᠮᠤᠷ ᠲᠦᠪᠰᠢᠨ ᠂ ᠢᠳᠡᠭᠡᠨ ᠤᠮᠳᠠᠭᠠᠨ ᠤ ᠠᠮᠤᠷ ᠲᠦᠪᠰᠢᠨ ᠂ ᠭᠠᠯ ᠢ ᠰᠡᠷᠭᠡᠶᠢᠯᠡᠬᠦ ᠭᠠᠮᠰᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠤᠬᠠᠭᠤᠯᠭ᠎ᠠ ᠬᠥᠮᠦᠵᠢᠯ ᠬᠢᠵᠦ ᠂ ᠡᠵᠡᠩᠨᠡᠭᠴᠢᠳ ᠢ ᠢᠳᠬᠠᠨ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠢᠳᠡᠭᠡᠨ ᠤᠮᠳᠠᠭᠠᠨ ᠣᠷᠤᠭᠤᠯᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠡᠷᠬᠡᠪᠰᠢ ᠰᠤᠷᠤᠭᠴᠢᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ ᠂ ᠬᠤᠷᠢᠭ᠎ᠠ ᠱᠤᠭᠤᠮ ᠢ ᠴᠢᠩᠭ᠎ᠠ ᠰᠠᠬᠢᠨ᠂ ᠡᠵᠡᠩᠨᠡᠯᠲᠡ ᠪᠠᠨ ᠵᠢᠷᠤᠮᠵᠢᠭᠤᠯᠬᠤ ᠶᠢ ᠱᠠᠭᠠᠷᠳᠠᠵᠠᠢ ᠃     ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠲᠣᠰ ᠤᠳᠠᠭᠠᠨ ᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠎ ᠨᠢ ᠬᠠᠷᠠᠯᠲᠠ ᠲᠣᠳᠣᠷᠬᠠᠢ ᠪᠠᠶᠢᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠢᠨᠠᠨ ᠬᠠᠮᠢᠶᠠᠷᠬᠤ ᠬᠠᠮᠳᠦ ᠶᠢᠨ ᠬᠦᠴᠦᠨ ᠢ ᠪᠦᠷᠢᠯᠳᠦᠭᠦᠯᠵᠦ᠂ ᠠᠮᠤᠷ ᠲᠦᠪᠰᠢᠨ ᠤ ᠳᠠᠯᠳᠠ ᠠᠶᠤᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1