ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/4/26
                ﹇2022﹈ 16 ᠳ᠋ᠤᠭᠠᠷ ᠲᠣᠭᠠᠲᠤ        ᠣᠳᠣᠬᠠᠨ ᠳᠤ᠂ ᠪᠥᠬᠦ ᠳᠡᠯᠡᠬᠡᠶ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠶᠡᠭᠡ ᠪᠠᠷ ᠳᠡᠯᠭᠡᠷᠡᠬᠦ ᠱᠠᠲᠤᠨ ᠳᠤ ᠣᠷᠣᠰᠢᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠣᠯᠠᠨᠲᠠ ᠡᠭᠦᠰᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠢᠯᠠᠩᠭᠤᠶ᠎ᠠ ︽5.1︾᠎ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠪᠠᠷ ᠬᠥᠮᠦᠨ ᠬᠠᠷ᠎ᠠ ᠶᠠᠪᠤᠵᠤ ᠰᠠᠭᠤᠬᠤ᠂ ᠬᠤᠷᠠᠨ ᠴᠤᠭᠯᠠᠷᠠᠬᠤ ᠨᠢ ᠬᠢᠵᠢᠭ ᠤᠨ ᠲᠠᠷᠠᠬᠠᠨ ᠳᠡᠯᠭᠡᠷᠡᠬᠦ ᠠᠶᠤᠯ ᠲᠦᠭᠰᠢᠭᠦᠷᠢ ᠶᠢ ᠤᠯᠠᠮ ᠴᠢᠨᠠᠭᠰᠢᠲᠠ ᠨᠡᠮᠡᠭᠳᠡᠭᠦᠯᠬᠦ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠪᠠ ᠦᠶ᠋ᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠦᠯᠦᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠤᠲᠠ ᠶᠢᠨ ᠲᠣᠳᠤᠷᠠᠬᠢ ᠬᠥᠮᠦᠰ ᠤᠨ ᠭᠤᠤᠯ ᠬᠤᠲᠠ ᠲᠣᠭᠤᠷᠢᠭ ᠲᠤ ᠣᠷᠣᠵᠤ ᠭᠠᠷᠬᠤ ᠳᠤ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠱᠠᠭᠠᠷᠳᠠᠯᠭ᠎ᠠ ᠶᠢ ᠬᠦᠴᠦᠨ ᠥᠬᠡᠶ ᠪᠣᠯᠭᠠᠨ᠎ᠠ᠃    2022 ᠣᠨ ᠤ 4 ᠰᠠᠷ᠎ᠠ ᠶᠢᠨ 25᠎ ᠤ ᠡᠳᠦᠷ ᠤᠨ ᠲᠡᠭ ᠴᠠᠭ ᠠᠴᠠ ᠡᠬᠢᠯᠡᠨ᠂ ᠬᠤᠲᠠ ᠶᠢᠨ ᠳᠣᠲᠣᠷᠠᠬᠢ ᠬᠥᠮᠦᠰ ᠤᠨ ᠭᠤᠤᠯ ᠬᠤᠲᠠ ᠶᠢᠨ ᠲᠣᠭᠤᠷᠢᠭ ᠢᠶᠠᠷ ᠣᠷᠣᠵᠤ ᠭᠠᠷᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠴᠢᠬᠤᠯᠠ ᠦᠭᠡᠢ᠃    ᠬᠤᠶᠠᠷ᠂ ᠴᠢᠬᠤᠯᠠ ᠶᠠᠪᠤᠳᠠᠯ ᠦᠭᠡᠢ ᠪᠣᠯ ᠤᠯᠠᠭᠠᠨᠬᠠᠳᠠ ᠎ ᠠᠴᠠ ᠭᠠᠷᠬᠤ ᠦᠭᠡᠢ ︵ᠤᠯᠠᠭᠠᠨᠬᠠᠳᠠ ᠳᠤ ᠪᠣᠴᠠᠵᠦ ᠢᠷᠡᠬᠦ ᠦᠭᠡᠢ︶ ᠪᠠᠶᠢᠬᠤ ᠶᠢ ᠪᠠᠷᠢᠮᠲᠠᠯᠠᠨ᠎ᠠ᠃    ᠬᠤᠳᠠ ᠶᠢᠨ ᠳᠣᠲᠤᠷ᠎ᠠ ᠭᠠᠳᠠᠨᠠᠬᠢ ᠥᠷᠭᠡᠨ ᠤᠯᠠᠨ ᠬᠤᠳᠠ ᠶᠢᠨ ᠠᠷᠠᠳ ᠢ ︽5 · 1︾᠎ ᠤ ᠠᠮᠠᠷᠠᠯᠲᠠ ᠪᠠᠨ  ᠲᠤᠬᠠᠢ ᠶᠢᠨ ᠭᠠᠵᠠᠷ ᠲᠤ ᠪᠠᠨ ᠦᠩᠭᠡᠷᠡᠭᠦᠯᠬᠦ ᠶᠢ ᠰᠠᠨᠠᠭᠠᠴᠢᠯᠠᠵᠤ᠂ ᠴᠢᠬᠤᠯᠠ ᠶᠠᠪᠤᠳᠠᠯ ᠦᠭᠡᠢ ᠪᠣᠯ ᠤᠯᠠᠭᠠᠨᠬᠠᠳᠠ ᠬᠤᠲᠠ ᠠᠴᠠ ᠭᠠᠷᠬᠤ ᠦᠭᠡᠢ᠂ ᠤᠯᠠᠭᠠᠨᠬᠠᠳᠠ ᠬᠤᠲᠠ ᠳᠤ ᠪᠣᠴᠠᠵᠦ ᠢᠷᠡᠬᠦ ᠦᠭᠡᠢ᠂ ᠢᠯᠠᠩᠭᠤᠶ᠎ᠠ 14 ᠡᠳᠦᠷ ᠤᠨ ᠳᠣᠲᠣᠷ᠎ᠠ ᠲᠤᠬᠠᠢ ᠶᠢᠨ ᠭᠠᠵᠠᠷ ᠣᠷᠤᠨ ᠤ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠨ ᠤ  ᠵᠢᠱᠢᠶ᠎ᠡ ᠲᠠᠢ ᠰᠢᠶᠠᠨ ︵ᠬᠤᠳᠠ᠂ ᠲᠣᠭᠤᠷᠢᠭ᠂ ᠬᠤᠰᠢᠭᠤ᠂ ᠳᠣᠷᠣᠭᠰᠢ ᠠᠳᠠᠯᠢ︶ ᠪᠣᠯᠤᠨ ᠬᠢᠯᠢ ᠶᠢᠨ ᠪᠣᠭᠤᠮᠲᠠ ᠪᠠᠶᠢᠭ᠎ᠠ ᠰᠢᠶᠠᠨ ᠳᠤ ᠣᠴᠢᠬᠤ ᠦᠭᠡᠢ ᠪᠠᠶᠢᠵᠤ᠂ ᠬᠦᠮᠦᠰ ᠤᠨ ᠶᠠᠪᠤᠵᠤ ᠰᠠᠭᠤᠬᠤ ᠶᠢ ᠪᠠᠭᠠᠰᠬᠠᠨ᠂ ᠠᠶᠠᠨ ᠵᠠᠮ ᠤᠨ ᠬᠠᠯᠳᠠᠪᠤᠷᠢᠯᠠᠯ ᠤᠨ ᠠᠶᠤᠯ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃    ᠭᠤᠷᠪᠠ᠂ ᠤᠯᠠᠭᠠᠨᠬᠠᠳᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠢ᠃    ︵ᠨᠢᠭᠡ︶ ᠤᠯᠠᠭᠠᠨᠬᠠᠳᠠ ᠳᠤ ᠢᠷᠡᠭᠰᠡᠨ ︵ᠪᠤᠴᠠᠵᠤ ᠢᠷᠡᠭᠰᠡᠨ︶ ᠪᠣᠶ ᠪᠥᠬᠦᠶ ᠬᠥᠮᠦᠰ ᠡᠷᠬᠡᠪᠰᠢ ᠤᠷᠢᠳᠴᠢᠯᠠᠨ ︽ ᠬᠦᠷᠴᠦ ᠰᠠᠭᠠᠲᠠᠭᠰᠠᠨ ᠭᠠᠵᠠᠷ ᠤᠨ ᠺᠣᠳ᠋︾᠎ ᠢ ᠰᠢᠷᠪᠢᠵᠦ  ᠪᠦᠷᠢᠳᠬᠡᠨ ᠲᠡᠮᠳᠡᠭᠯᠡᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠦ᠂ ᠤᠯᠠᠭᠠᠨᠬᠠᠳᠠ ᠭᠦᠷᠦᠭᠰᠡᠨ ᠤ ᠳᠠᠷᠠᠭ᠎ᠠ 12 ᠴᠠᠭ ᠤᠨ ᠳᠣᠲᠣᠷ᠎ᠠ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶᠂ ᠨᠢᠭᠡᠴᠢ᠂ ᠪᠠᠭᠤᠳᠠᠯ ᠳᠤ ᠮᠡᠳᠡᠭᠦᠯᠦᠨ ᠳᠠᠩᠰᠠᠯᠠᠭᠤᠯᠵᠤ᠂ 24 ᠴᠠᠭ ᠤᠨ ᠳᠣᠲᠣᠷ᠎ᠠ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ︵ᠪᠢᠯᠢᠭ ᠴᠢᠨᠠᠷ ᠤᠨ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠯᠲᠠ ᠬᠢᠨ᠎ᠡ︶ ᠬᠢᠬᠦ ᠶᠢᠨ ᠬᠠᠮᠲᠤ 14 ᠡᠳᠦᠷ ᠤᠨ ᠥᠪᠡᠷ ᠤᠨ ᠡᠷᠡᠭᠦᠯ ᠮᠡᠨᠳᠦ ᠶᠢᠨ ᠬᠢᠨᠠᠯᠲᠠ ᠬᠢᠨ᠎ᠠ᠃ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ᠂ ᠬᠤᠶᠢᠰᠢᠯᠠᠭᠤᠯᠤᠨ ᠮᠡᠳᠡᠭᠦᠯᠬᠦ ᠵᠡᠷᠭᠡ ᠠᠴᠠ ᠪᠣᠯᠵᠣ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠡᠭᠦᠰᠭᠡᠭᠰᠡᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃    ︵ᠬᠤᠶᠠᠷ︶ ᠱᠠᠩᠬᠠᠶ ᠬᠤᠲᠠ᠂ ᠭᠢᠷᠢᠨ ᠬᠤᠲᠠ᠂ ᠴᠠᠩᠴᠦ᠋ᠨ ᠬᠤᠲᠠ ᠪᠣᠯᠤᠨ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠪᠠᠶᠢᠭ᠎ᠠ ᠰᠢᠶᠠᠨ ᠠᠴᠠ ᠤᠯᠠᠭᠠᠨᠬᠠᠳᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ 14 ᠡᠳᠦᠷ ᠲᠥᠪᠯᠡᠷᠡᠭᠦᠯᠦᠨ ᠲᠤᠰᠠᠭᠠᠷᠯᠠᠵᠤ᠂ ᠡᠮᠦᠨ᠎ᠡ 7 ᠡᠳᠦᠷ ᠲᠤ ᠡᠳᠦᠷ ᠪᠦᠷᠢ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 10 ᠳ᠋ᠤᠭᠠᠷ᠂ 14 ᠳ᠋ᠣᠭᠡᠷ ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃    ︵ᠭᠤᠷᠪᠠ︶ ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢᠲᠡᠢ ᠭᠠᠵᠠᠷ ᠣᠷᠣᠨ ᠵᠢᠴᠢ ᠪᠠᠶᠢᠭ᠎ᠠ ᠰᠢᠶᠠᠨ ᠠᠴᠠ ᠤᠯᠠᠭᠠᠨᠬᠠᠳᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ 14 ᠡᠳᠦᠷ ᠭᠡᠷ ᠲᠤᠨᠢ ᠲᠤᠰᠠᠭᠠᠷᠯᠠᠵᠦ᠂ 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ ︵1 ᠳ᠋ᠣᠭᠡᠷ᠂ 4 ᠳ᠋ᠣᠭᠡᠷ᠂ 7 ᠳ᠋ᠤᠭᠠᠷ᠂ 10 ᠳ᠋ᠤᠭᠠᠷ᠂ 14 ᠳ᠋ᠣᠭᠡᠷ ᠡᠳᠦᠷ︶᠃ ᠬᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠣᠯ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠶ᠃    ︵ᠳᠥᠷᠪᠡ︶ ᠠᠶᠠᠯᠠᠯ ᠤᠨ ᠺᠠᠷᠲ ᠨᠢ ᠨᠣᠭᠤᠭᠠᠨ ᠥᠩᠭᠡᠲᠦ ᠣᠳᠣᠨ ᠲᠡᠮᠳᠡᠭ ᠲᠠᠢ ᠤᠯᠠᠭᠠᠨᠬᠠᠳᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ᠂ ᠤᠯᠠᠭᠠᠨᠬᠠᠳᠠ ᠳᠤ ᠣᠷᠣᠬᠤ ᠬᠢᠵᠢᠭ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠲᠤ ᠲᠡᠷᠡ ᠳᠠᠷᠤᠢ ᠳᠤ ᠨᠢ ᠪᠥᠭᠡᠮ ᠬᠦᠴᠢᠯ ᠤᠨ ᠪᠠᠶᠢᠴᠠᠭᠠᠯᠲᠠ ᠪᠠ ᠥᠳᠥᠭᠡᠭᠴᠢ ᠶᠢᠨ ᠪᠠᠶᠢᠴᠠᠭᠠᠯᠲᠠ ᠬᠢᠵᠦ᠂ 3 ᠳ᠋ᠤᠭᠠᠷ ᠡᠳᠦᠷ ᠲᠤ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠡᠮᠦᠨ᠎ᠡ 3 ᠡᠳᠦᠷ ᠲᠤ ᠵᠠᠷᠴᠢᠮ ᠳᠡᠭᠡᠷ᠎ᠡ ᠪᠠᠨ ︽ᠬᠤᠶᠠᠷ ᠴᠡᠭ ︵ᠣᠷᠣᠰᠢᠨ ᠰᠠᠭᠤᠬᠤ ᠴᠡᠭ ᠪᠠ ᠠᠵᠢᠯᠯᠠᠬᠤ ᠴᠡᠭ︶ ᠨᠢᠭᠡ ᠱᠤᠭᠤᠮ︾᠎ ᠢ ᠪᠠᠷᠢᠮᠲᠠᠯᠠᠵᠤ᠂ 3 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠭᠠᠷᠬᠤ ᠠᠴᠠ ᠡᠮᠦᠨ᠎ᠡ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠥᠬᠡᠶ᠂ ᠬᠠᠮᠲᠤ ᠬᠤᠭᠤᠯᠠᠯᠠᠬᠤ ᠥᠬᠡᠶ᠂ ᠴᠤᠭᠯᠠᠷᠠᠬᠤ ᠥᠬᠡᠶ᠂ ᠪᠢᠲᠡᠭᠦᠮᠵᠢᠯᠡᠭᠰᠡᠨ ᠲᠠᠯᠠᠪᠤᠷ ᠪᠠ ᠬᠥᠮᠦᠨ ᠬᠠᠷ᠎ᠠ ᠣᠯᠡᠨ ᠲᠠᠯᠠᠪᠤᠷ ᠲᠤ ᠣᠴᠢᠬᠤ ᠥᠬᠡᠶ ᠪᠥᠭᠡᠳ 14 ᠡᠳᠦᠷ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠯᠲᠠ ᠬᠢᠨ᠎ᠡ᠃    ᠳᠥᠷᠪᠡ᠂ ᠭᠤᠤᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃    ︵ᠨᠢᠭᠡ︶ ᠬᠤᠳᠠᠯᠳᠤᠭᠠᠨ ᠤ ᠲᠠᠯᠠᠪᠠᠢ ᠶᠢᠨ ᠵᠠᠳᠠᠭᠠᠢ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠂ ᠢᠳᠡᠭᠡᠨ ᠤᠮᠳᠠᠭᠠᠨ ᠤ ᠪᠠᠶᠢᠭᠤᠯᠤᠮᠵᠢ᠂ ᠵᠣᠴᠢᠳ ᠤᠨ ᠪᠠᠭᠤᠳᠠᠯ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠵᠡᠷᠭᠡ ᠳᠤ ᠪᠡᠶ᠎ᠡ ᠶᠢᠨ ᠬᠠᠯᠠᠭᠤᠨ ᠢ ᠬᠡᠮᠵᠢᠨ ᠺᠣᠳ᠋ ᠰᠢᠷᠪᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠪᠠᠷ ᠮᠥᠷᠯᠡᠬᠦ ᠪᠠ ᠠᠶᠠᠨᠴᠢᠳ ᠢ ᠬᠦᠲᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠴᠠᠭ ᠲᠤᠨᠢ ᠳᠣᠭᠢᠷᠠᠭᠤᠯᠤᠨ ᠬᠦᠮᠦᠨ ᠤ ᠲᠤᠭ᠎ᠠ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠪᠦᠭᠡᠮᠨᠡᠷᠡᠨ ᠴᠤᠭᠯᠠᠷᠠᠬᠤ ᠶᠢ ᠰᠡᠷᠭᠡᠶᠢᠯᠡᠨ ᠬᠤᠷᠢᠭᠯᠠᠨ᠎ᠠ᠃ ᠲᠣᠭᠯᠠᠯᠲᠠ ᠶᠢᠨ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ᠂ ᠪᠡᠶ᠎ᠡ ᠶᠢᠨ ᠲᠠᠮᠢᠷ ᠤᠨ ᠲᠠᠯᠠᠪᠤᠷ᠂ ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ᠂ ᠨᠣᠮ ᠤᠨ ᠰᠠᠩ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ ᠬᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠲᠤ ᠭᠥᠯᠢᠶᠡᠨ ᠠᠪᠬᠤ ᠬᠥᠮᠦᠨ ᠤ ᠲᠤᠭ᠎ᠠ ᠶᠢ ᠪᠠᠭᠲᠠᠭᠠᠮᠵᠢ ᠶᠢᠨ 75%᠎ ᠠᠴᠠ ᠬᠡᠲᠦᠷᠡᠭᠦᠯᠵᠦ ᠪᠣᠯᠬᠤ ᠥᠬᠡᠶ᠃    ︵ᠬᠤᠶᠠᠷ︶ ᠡᠮ ᠤᠨ ᠳᠡᠯᠭᠡᠭᠦᠷ᠂ ᠬᠤᠪᠢ ᠶᠢᠨ ᠡᠮᠴᠢᠯᠡᠭᠡᠨ ᠤ ᠭᠠᠵᠠᠷ᠂ ᠡᠷᠡᠭᠦᠯ ᠬᠠᠮᠠᠭᠠᠯᠠᠯ ᠤᠨ ᠬᠤᠷᠢᠶ᠎ᠠ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠨᠢᠶᠠᠨ ᠳᠠᠷᠤᠭᠴᠢ︾ ᠳᠥᠷᠪᠡᠨ ᠲᠥᠷᠥᠯ ᠤᠨ ᠡᠮ ᠤᠨ ᠵᠦᠶ᠋ᠯ ᠤᠨ ᠪᠣᠷᠣᠯᠠᠭᠤᠯᠭ᠎ᠠ ᠶᠢᠨ ᠳᠡᠩᠰᠡᠯᠡᠯᠲᠡ ᠶᠢ ᠰᠠᠶᠢᠲᠤᠷ ᠬᠢᠵᠦ᠂ ᠬᠠᠯᠠᠭᠤᠷᠠᠬᠤ ᠡᠪᠡᠳᠴᠢᠲᠡᠨ ᠢ ᠬᠥᠲᠥᠯᠦᠨ ᠵᠢᠯᠣᠭᠤᠳᠴᠤ ᠬᠠᠯᠠᠭᠤᠷᠠᠬᠤ ᠡᠪᠡᠳᠴᠢᠲᠡᠨ ᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠃ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠮᠡᠳᠡᠷᠡᠯ ᠤᠨ ᠡᠪᠡᠳᠴᠢᠲᠡᠨ ᠤ ᠡᠮᠨᠡᠯᠭᠡ᠂ ᠭᠢᠨᠳᠠᠨ ᠵᠡᠷᠭᠡ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃    ︵ᠭᠤᠷᠪᠠ︶ ᠬᠤᠲᠠ ᠶᠢᠨ ᠳᠣᠲᠣᠷᠠᠬᠢ ᠡᠯ᠎ᠡ ᠲᠥᠷᠥᠯ ᠤᠨ ᠴᠡᠴᠡᠷᠯᠢᠭ᠂ ᠦᠵᠡᠮᠵᠢ ᠶᠢᠨ ᠣᠷᠣᠨ᠂ ᠦᠵᠡᠮᠵᠢ ᠶᠢᠨ ᠴᠡᠭ ᠤᠳ ᠲᠤ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ︾ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ  ᠪᠠᠶᠢᠭᠠᠳ  ᠶᠠᠪᠤᠵᠤ ᠰᠠᠭᠤᠬᠤ ᠵᠠᠮ ᠱᠤᠭᠤᠮ ᠪᠠ ᠴᠠᠭ ᠬᠤᠭᠤᠴᠠᠭ᠎ᠠ ᠶᠢ ᠵᠦᠶ ᠵᠣᠬᠢᠰᠲᠠᠶ ᠰᠤᠩᠭᠤᠭᠤᠯᠤᠨ᠂ ᠬᠦᠮᠦᠨ ᠬᠡᠳᠦ ᠥᠯᠠᠰᠢᠷᠠᠬᠤ ᠠᠴᠠ ᠵᠠᠶᠢᠯᠠᠰᠬᠢᠬᠦ ᠬᠡᠷᠡᠭᠲᠡᠢ᠃ ᠣᠶᠢᠷᠠᠳᠬᠤ ᠥᠬᠡᠶ ᠪᠠᠷ ᠪᠢᠯᠧᠲ ᠬᠤᠳᠠᠯᠳᠤᠨ ᠠᠪᠬᠤ ᠢ ᠪᠡᠶᠡᠯᠡᠭᠦᠯᠵᠦ᠂ ᠴᠡᠴᠡᠷᠯᠢᠭ ᠤᠨ ᠰᠠᠨᠠᠭᠤᠯᠤᠮᠵᠢ ᠪᠠ ᠵᠤᠭᠠᠴᠠᠭᠰᠠᠳ ᠢ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠬᠥᠮᠦᠨ ᠬᠠᠷ᠎ᠠ ᠴᠤᠭᠯᠠᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃    ᠲᠠᠪᠤ᠂ ᠬᠤᠷᠠᠨ ᠴᠤᠭᠯᠠᠷᠠᠬᠤ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃    ᠡᠯ᠎ᠡ ᠲᠥᠷᠥᠯ ᠤᠨ ᠰᠦᠯᠵᠢᠶᠡᠨ ᠭᠠᠳᠠᠨᠠᠬᠢ ᠬᠤᠷᠠᠯ᠂ ᠪᠣᠯᠪᠠᠰᠤᠷᠠᠯ᠂ ᠳᠡᠯᠭᠡᠨ ᠪᠣᠷᠤᠯᠠᠭᠤᠯᠭ᠎ᠠ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠴᠢᠩᠭ᠎ᠠ ᠡᠵᠡᠮᠳᠡᠵᠦ᠂ ᠦᠨᠡᠨ ᠬᠦ ᠡᠷᠭᠢᠯᠡᠬᠦ ᠴᠢᠬᠤᠯᠠᠲᠠᠢ ᠪᠣᠯ᠂ ︽ᠬᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠡᠪᠴᠢᠶ᠎ᠡ ᠶᠢ ᠪᠠᠭᠠᠰᠬᠠᠨ᠂ ᠬᠥᠮᠦᠨ ᠤ ᠲᠤᠭ᠎ᠠ ᠶᠢ ᠬᠢᠵᠠᠭᠠᠷᠯᠠᠨ᠂ 50 ᠬᠥᠮᠦᠨ ᠠᠴᠠ ᠳᠡᠭᠡᠭᠰᠢᠬᠢ ᠠᠵᠢᠯᠯᠠᠭ᠎ᠠ ᠶᠢ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠠᠮᠲᠤ  ᠬᠤᠭᠤᠯᠠᠯᠠᠵᠤ ᠨᠠᠶᠢᠷᠯᠠᠬᠤ ᠳᠤ 10 ᠬᠦᠮᠦᠨ ᠠᠴᠠ ᠬᠡᠲᠦᠷᠡᠬᠦ ᠦᠭᠡᠢ ᠪᠠᠶᠢᠬᠤ ᠶᠢ ᠰᠠᠨᠠᠭᠠᠴᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃    ᠵᠢᠷᠭᠤᠭ᠎ᠠ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃    ︵ᠨᠢᠭᠡ︶ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠦᠷᠭᠦᠯᠵᠢ ᠠᠷᠢᠭᠤᠳᠬᠠᠬᠤ ᠵᠡᠷᠭᠡ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠤᠬᠤ ᠳᠤ ᠪᠠᠨ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠯᠭᠠᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠶᠠᠪᠤᠵᠦ ᠰᠠᠭᠤᠭᠰᠠᠨ ᠦᠩᠭᠡᠷᠡᠯᠲᠡ ᠂ ᠡᠪᠡᠳᠴᠢᠨ ᠤ ᠢᠯᠡᠷᠡᠯ ᠵᠡᠷᠭᠡ ᠪᠠᠨ ᠬᠠᠤᠯᠢ ᠶᠣᠰᠣᠭᠠᠷ ᠦᠨᠡᠨ ᠮᠦᠨ ᠢᠶᠠᠷ ᠨᠢ ᠮᠡᠳᠡᠭᠦᠯᠬᠦ ᠬᠡᠷᠡᠭᠲᠡᠶ᠃    ︵ᠬᠤᠶᠠᠷ︶ ᠬᠤᠪᠢ ᠬᠥᠮᠦᠨ ᠵᠢᠴᠢ ᠬᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠰᠡᠷᠭᠡᠶᠢᠯᠡᠯᠲᠡ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠳᠠᠷᠦ᠋ᠢᠬᠠᠨ ᠣᠶᠢᠷ᠎ᠠ ᠬᠠᠪᠢ ᠶᠢᠨ  ᠬᠠᠯᠠᠭᠤᠷᠠᠬᠤ ᠡᠪᠡᠳᠴᠢᠲᠡᠨ ᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠨ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠥᠬᠡᠶ ᠪᠠᠶᠢᠬᠤ ᠬᠡᠷᠡᠭᠲᠡᠶ᠃    ︵ᠭᠤᠷᠪᠠ︶ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠲᠦᠭᠰᠢᠭᠦᠷᠢᠲᠡᠢ ᠭᠠᠵᠠᠷ ᠣᠷᠣᠨ ᠤ ᠲᠠᠸᠠᠷ ᠢ ᠴᠢᠬᠤᠯᠠ ᠪᠤᠰᠤ ᠪᠠᠶᠢᠳᠠᠯ ᠳᠤ ᠬᠤᠳᠠᠯᠳᠤᠨ ᠠᠪᠬᠤ ᠦᠭᠡᠢ᠃ ᠦᠨᠡᠨ ᠬᠦ ᠬᠤᠳᠠᠯᠳᠤᠨ ᠠᠪᠬᠤ ᠴᠢᠬᠤᠯᠠᠲᠠᠢ ᠪᠣᠯ᠂ ︽ᠲᠥᠪᠯᠡᠷᠡᠭᠦᠯᠦᠨ ᠬᠦᠷᠭᠡᠬᠦ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠶᠢᠨ ᠬᠠᠮᠲᠤ ᠲᠦᠷᠭᠡᠨ ᠬᠦᠷᠭᠡᠯᠲᠡ ᠶᠢ ᠭᠥᠯᠢᠶᠡᠨ ᠠᠪᠬᠤ ᠳᠠᠭᠠᠨ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠪᠠ ᠠᠮᠠᠪᠴᠢ ᠵᠡᠭᠦᠬᠦ ᠬᠡᠷᠡᠭᠲᠡᠶ᠃    ︵ᠳᠥᠷᠪᠡ︶ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠨᠢ ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠨᠥᠬᠦᠴᠡᠯ ᠳᠤ ᠨᠡᠶᠢᠴᠡᠬᠦ ᠬᠥᠮᠦᠰ᠂ ᠢᠯᠠᠩᠭᠤᠶ᠎ᠠ 60 ᠨᠠᠰᠤᠨ ᠠᠴᠠ ᠳᠡᠭᠡᠭᠰᠢᠬᠢ ᠲᠠᠷᠢᠯᠭ᠎ᠠ ᠶᠢᠨ ᠴᠡᠭᠡᠷ ᠦᠭᠡᠢ ᠨᠠᠰᠤᠲᠠᠶᠢᠴᠤᠳ ᠪᠦ᠋ᠬᠦ ᠶᠠᠪᠤᠴᠠ ᠶᠢᠨ ᠲᠠᠷᠢᠯᠭ᠎ᠠ ᠶᠢ ᠠᠯᠢ ᠲᠦᠷᠭᠡᠨ ᠢᠶᠠᠷ ᠬᠢᠯᠭᠡᠵᠦ᠂ ᠢᠵᠢᠯ ᠭᠠᠷᠤᠯ ᠤᠨ ᠴᠢᠩᠭᠠᠳᠬᠠᠬᠤ ᠲᠠᠷᠢᠯᠭ᠎ᠠ ᠪᠣᠶᠤ ᠬᠡᠯᠬᠢᠶ᠎ᠡ ᠴᠢᠩᠭᠠᠳᠬᠠᠬᠤ ᠲᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ ᠬᠢᠯᠭᠡᠬᠦ ᠬᠡᠷᠡᠭᠲᠡᠢ᠃    ᠳᠣᠯᠤᠭ᠎ᠠ᠂ ᠱᠠᠩᠨᠠᠯ ᠲᠠᠢ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠬᠤ ᠬᠡᠷᠡᠭᠲᠡᠢ᠃ ᠥᠷᠭᠡᠨ ᠣᠯᠠᠨ ᠬᠤᠲᠠ ᠶᠢᠨ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠤᠭᠲᠤᠵᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠵᠣᠬᠢᠬᠤ ᠱᠠᠩᠨᠠᠯ ᠣᠯᠭᠤᠨ᠎ᠠ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠨ᠎ᠠ᠃                   2022 ᠣᠨ ᠤ 4 ᠰᠠᠷ᠎ᠠ ᠶᠢᠨ 25     
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1