ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ 2022 ᠣᠨ ᠤ ᠰᠢᠯᠢᠳᠡᠭ ᠪᠠᠭᠰᠢ ᠶᠢ ᠰᠣᠩᠭᠤᠨ ᠰᠢᠯᠵᠢᠭᠦᠯᠬᠦ ᠲᠥᠰᠥᠯ
ᠨᠡᠶᠢᠲᠡᠯᠡᠭᠰᠡᠨ ᠴᠠᠭ᠄
2022/5/1
    ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠲᠦᠷᠭᠡᠳᠬᠡᠨ᠂ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠲᠣᠭᠲᠠᠭᠠᠯᠭᠠᠭᠠᠳ᠂ ᠲᠣᠭᠤᠷᠢᠭ ᠤᠨ ᠭᠠᠳᠠᠨ᠎ᠠ ᠠᠴᠠ ᠰᠢᠯᠢᠳᠡᠭ ᠪᠠᠭᠰᠢ ᠶᠢ ᠰᠣᠩᠭᠤᠨ ᠰᠢᠯᠵᠢᠭᠦᠯᠵᠦ ᠮᠠᠨ ᠤ ᠲᠣᠭᠤᠷᠢᠭ ᠤᠨ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠰᠣᠩᠭᠤᠨ ᠰᠢᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠤᠰᠠᠳᠠ᠂ ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃    ᠨᠢᠭᠡᠳᠤᠭᠡᠷ ᠲᠤ ᠂ ᠰᠣᠩᠭᠤᠨ ᠰᠢᠯᠵᠢᠭᠦᠯᠬᠦ ᠵᠠᠷᠴᠢᠮ    ︵ ᠨᠢᠭᠡ ︶ ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ ᠂ ᠰᠢᠯᠢᠳᠡᠭ ᠢ ᠨᠢ ᠰᠣᠩᠭᠤᠬᠤ ᠵᠠᠷᠴᠢᠮ ᠢ ᠪᠠᠷᠢᠮᠲᠠᠯᠠᠬᠤ ᠃    ︵ ᠬᠤᠶᠠᠷ︶ ᠪᠠᠭᠰᠢ ᠶᠢᠨ ᠮᠣᠷᠠᠯ ᠪᠣᠯᠣᠨ ᠪᠣᠳᠠᠲᠤ ᠪᠦᠲᠦᠮᠵᠢ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠃    ︵ᠭᠤᠷᠪᠠ︶ ᠣᠷᠣᠨ ᠲᠤᠭ᠎ᠠ ᠶᠢ ᠬᠠᠮᠢᠶᠠᠷᠬᠤ᠂ ᠬᠤᠭᠤᠰᠤᠨ ᠠᠵᠢᠯ ᠤᠨ ᠪᠠᠶᠢᠷᠢ ᠳᠤ ᠰᠣᠩᠭᠤᠨ ᠤᠷᠢᠬᠤ᠂ ᠬᠢᠷᠢ ᠬᠡᠮ ᠢ ᠵᠥᠪᠰᠢᠶᠡᠷᠡᠨ ᠣᠷᠣᠭᠤᠯᠬᠤ ᠵᠠᠷᠴᠢᠮ ᠢ ᠪᠠᠷᠢᠮᠲᠠᠯᠠᠬᠤ ᠃    ︵ᠳᠥᠷᠪᠡ︶ ᠰᠢᠨᠵᠢᠯᠡᠭᠡᠨ ᠤ ᠰᠠᠯᠠᠭ᠎ᠠ ᠶᠢ ᠢᠵᠢ ᠪᠦᠷᠢᠳᠦᠭᠦᠯᠬᠦ᠂ ᠪᠦᠲᠦᠴᠡ ᠶᠢ ᠵᠦᠢ ᠵᠣᠬᠢᠰᠲᠠᠢ ᠪᠠᠶᠢᠯᠭᠠᠬᠤ᠂ ᠮᠣᠷᠠᠯ ᠴᠢᠳᠠᠪᠤᠷᠢ ᠶᠢ ᠬᠤᠣᠰᠯᠠᠭᠤᠯᠬᠤ ᠵᠠᠷᠴᠢᠮ ᠢ ᠪᠠᠷᠢᠮᠲᠠᠯᠠᠬᠤ ᠃    ᠬᠤᠶᠠᠳᠤᠭᠠᠷ ᠎ ᠲᠤ ᠂ ᠰᠢᠯᠢᠳᠡᠭ ᠪᠠᠭᠰᠢ ᠶᠢ ᠰᠣᠩᠭᠤᠨ ᠰᠢᠯᠵᠢᠭᠦᠯᠬᠦ ᠨᠥᠬᠦᠴᠡᠯ    ︵ᠨᠢᠭᠡ︶ ᠦᠨᠳᠦᠰᠦᠨ ᠨᠥᠬᠦᠴᠡᠯ    ᠵᠠᠩ ᠰᠤᠷᠲᠠᠯ ᠲᠥᠪ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠳᠡᠭ ᠂ ᠦᠵᠡᠯ ᠰᠠᠨᠠᠭ᠎ᠠ ᠤᠯᠤᠰ ᠲᠤᠶᠢᠷᠦ ᠶᠢᠨ ᠬᠡᠪ ᠴᠢᠨᠠᠷ ᠢᠶᠠᠷ ᠰᠠᠶᠢᠨ᠂ ᠶᠠᠯ᠎ᠠ ᠬᠢᠭᠰᠡᠨ ᠲᠡᠮᠳᠡᠭᠯᠡᠯ ᠤᠶᠢᠭᠡᠢ ᠃    ᠬᠠᠷᠠᠮ ᠦᠭᠡᠢ ᠵᠢᠳᠬᠦᠵᠦ᠂ ᠰᠤᠷᠭᠠᠨ ᠬᠥᠮᠦᠵᠢᠯ ᠤᠨ ᠦᠢᠯᠡᠰ ᠲᠤ ᠬᠠᠶᠢᠷᠠᠲᠠᠢ᠂ ᠨᠡᠯᠢᠶᠡᠳ ᠴᠢᠩᠭ᠎ᠠ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠬᠡᠷᠡᠭᠲᠡᠢ ᠃    ᠪᠡᠶ᠎ᠡ ᠮᠠᠬᠠᠪᠤᠳ ᠡᠷᠡᠭᠦᠯ ᠴᠢᠭᠢᠷᠠᠭ ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠷᠬᠢᠯᠡᠬᠦ ᠰᠢᠯᠢᠳᠡᠭ ᠬᠡᠪ ᠴᠢᠨᠠᠷ ᠪᠠ ᠴᠢᠳᠠᠪᠤᠷᠢ ᠲᠠᠢ ᠪᠠᠶᠢᠬᠤ ᠃    ︵ᠬᠤᠶᠠᠷ︶ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠰᠣᠩᠭᠤᠨ ᠰᠢᠯᠵᠢᠭᠦᠯᠬᠦ ᠬᠢᠷᠢ ᠬᠡᠮ ᠤᠨ ᠨᠥᠬᠦᠴᠡᠯ    1987 ᠣᠨ ᠤ 9 ᠰᠠᠷ᠎ᠠ ᠶᠢᠨ 1᠎ ᠤ ᠡᠳᠦᠷ ᠠᠴᠠ ᠰᠡᠭᠦᠯᠡᠷ ᠲᠦᠷᠦᠵᠡᠢ ᠂ ᠡᠷᠦᠭᠡ ᠠᠮᠠ ᠶᠢᠨ ᠲᠠᠩᠰᠠ ᠶᠢ ᠨᠢ ᠬᠢᠵᠠᠭᠠᠷᠯᠠᠬᠤ ᠂ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠳᠤ ᠬᠤᠶᠠᠷ ᠵᠢᠯ ᠠᠴᠠ ᠳᠡᠭᠡᠭᠰᠢ ︵ᠬᠤᠶᠠᠷ ᠵᠢᠯ ᠪᠠᠭᠲᠠᠨ᠎ᠠ︶ ᠠᠵᠢᠯᠯᠠᠵᠤ᠂ ᠢᠮᠠᠭᠲᠠ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠬᠤ ᠪᠥᠭᠡᠳ ᠵᠣᠬᠢᠬᠤ ᠵᠢᠭᠠᠨ ᠰᠤᠷᠭᠠᠯᠲᠠ ᠶᠢᠨ ᠴᠢᠳᠠᠪᠤᠷᠢ‌‍ᠲ᠋ᠠᠶ ᠪᠠᠶᠢᠬᠤ ᠬᠡᠷᠡᠭᠲᠡᠢ᠃    ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠵᠢᠭᠠᠨ ᠰᠤᠷᠭᠠᠬᠤ ᠴᠢᠳᠠᠪᠤᠷᠢᠲᠠᠨ᠂ ᠬᠢᠴᠢᠶᠡᠯ ᠲᠥᠷᠥᠯ ᠤᠨ ᠳᠠᠭᠠᠭᠤᠯᠤᠭᠴᠢ᠂ ᠵᠢᠭᠠᠨ ᠰᠤᠷᠭᠠᠬᠤ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠱᠠᠩᠨᠠᠯ ᠢ ᠭᠥᠷᠳᠡᠭᠰᠡᠨ ᠲᠦᠷᠦᠭᠦ ᠴᠠᠭ ᠢ 1982 ᠣᠨ ᠤ 9 ᠳ᠋ᠦᠭᠡᠷ ᠰᠠᠷ᠎ᠠ ᠶᠢᠨ 1᠎ ᠤ ᠡᠳᠦᠷ ᠬᠦᠷᠲᠡᠯ᠎ᠡ ᠠᠭᠤᠵᠢᠭᠤ ᠲᠠᠯᠪᠢᠨ᠎ᠠ᠃    ︵ᠭᠤᠷᠪᠠ︶ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢ ᠰᠣᠩᠭᠤᠨ ᠰᠢᠯᠵᠢᠭᠦᠯᠬᠦ ᠬᠢᠷᠢ ᠬᠡᠮ ᠤᠨ ᠨᠥᠬᠦᠴᠡᠯ    1987 ᠣᠨ ᠤ 9 ᠰᠠᠷ᠎ᠠ ᠶᠢᠨ 1᠎ ᠤ ᠡᠳᠦᠷ ᠠᠴᠠ ᠰᠡᠭᠦᠯᠡᠷ ᠲᠥᠷᠥᠵᠦ᠂ ᠡᠷᠦᠭᠡ ᠠᠮᠠ ᠶᠢᠨ ᠲᠠᠩᠰᠠ ᠶᠢ ᠨᠢ ᠬᠢᠵᠠᠭᠠᠷᠯᠠᠬᠤ ᠄    ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠠᠵᠢᠯ ᠮᠡᠷᠭᠡᠵᠢᠯ ᠤᠨ ᠰᠤᠷᠭᠠᠭᠤᠯᠢ ᠶᠢᠨ ᠣᠷᠣᠨ ᠲᠤᠭ᠎ᠠ ᠳᠤ ᠠᠵᠢᠯᠯᠠᠵᠤ ᠪᠠᠶᠢᠭ᠎ᠠ᠃    ᠰᠣᠷᠣᠭᠰᠠᠨ ᠲᠤᠰᠬᠠᠢ ᠮᠡᠷᠭᠡᠵᠢᠯ ᠪᠠ ᠬᠡᠷᠡᠭᠴᠡᠭᠡ ᠪᠦᠬᠦᠢ ᠪᠠᠭᠰᠢ ᠶᠢᠨ ᠲᠤᠰᠬᠠᠢ ᠮᠡᠷᠭᠡᠵᠢᠯ ᠨᠢ ᠬᠠᠷᠢᠯᠴᠠᠨ ᠲᠣᠬᠢᠷᠠᠯᠴᠠᠨ᠎ᠠ᠃    ᠬᠤᠶᠠᠷ ᠵᠢᠯ ᠠᠴᠠ ᠳᠡᠭᠡᠭᠰᠢ ︵ᠬᠤᠶᠠᠷ ᠵᠢᠯ ᠢ ᠪᠠᠭᠲᠠᠭᠠᠨ᠎ᠠ︶ ᠠᠵᠢᠯᠯᠠᠭᠰᠠᠨ ᠥᠩᠭᠡᠷᠡᠯᠲᠡ᠃    ︿︿ ᠬᠤᠶᠠᠷ ᠪᠠᠭᠰᠢ ᠶᠢᠨ ᠬᠡᠯᠪᠡᠷᠢ ﹀﹀᠎ ᠶᠢᠨ ᠪᠠᠭᠰᠢ ᠶᠢ ᠤᠷᠢᠳ ᠢᠶᠠᠷ ᠡᠯᠰᠡᠨ᠎ᠡ᠃    ︵ ᠳᠥᠷᠪᠡ︶ ᠪᠠᠭᠰᠢ ᠶᠢ ᠰᠣᠩᠭᠤᠨ ᠰᠢᠯᠵᠢᠭᠦᠯᠬᠦ ᠳᠤ ᠨᠡᠷ᠎ᠡ ᠮᠡᠳᠡᠭᠦᠯᠬᠦ ᠳᠡᠭᠡᠨ ᠪᠠᠶᠢᠭ᠎ᠠ ᠨᠢᠭᠡᠴᠡ᠂ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠰᠣᠩᠭᠤᠨ ᠰᠢᠯᠵᠢᠭᠦᠯᠦᠭᠰᠡᠨ ᠪᠠᠭᠰᠢ ᠶᠢᠨ ᠨᠡᠷ᠎ᠡ ᠮᠡᠳᠡᠭᠦᠯᠬᠦ ᠬᠦᠰᠦᠨᠦᠭᠲᠦ ᠳᠤ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠬᠡᠷᠡᠭᠲᠡᠢ᠃    ᠭᠤᠷᠪᠠᠳᠤᠭᠠᠷ  ᠲᠦ ᠂ ᠰᠢᠯᠢᠳᠡᠭ ᠪᠠᠭᠰᠢ ᠶᠢ ᠰᠣᠩᠭᠤᠨ ᠰᠢᠯᠵᠢᠭᠦᠯᠬᠦ ᠲᠥᠯᠥᠪᠯᠡᠭᠡ    ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ 5 ᠬᠥᠮᠥᠨ᠄ ᠬᠡᠯᠡ ᠪᠢᠴᠢᠭ 2 ᠬᠥᠮᠥᠨ᠂ ᠲᠣᠭᠠᠨ ᠤ ᠤᠬᠠᠭᠠᠨ 2 ᠬᠥᠮᠥᠨ᠂ ᠲᠠᠮᠢᠷ ᠤᠨ ᠬᠥᠳᠡᠯᠭᠡᠭᠡᠨ 1 ᠬᠥᠮᠥᠨ᠃    ᠪᠠᠭ᠎ᠠ ᠰᠤᠷᠭᠠᠭᠤᠯᠢ ᠶᠢᠨ ᠪᠠᠭᠰᠢ 14 ᠬᠥᠮᠥᠨ᠄ ᠬᠡᠯᠡ ᠪᠢᠴᠢᠭ 3 ᠬᠥᠮᠥᠨ᠂ ᠲᠣᠭᠠᠨ ᠤ ᠤᠬᠠᠭᠠᠨ 3 ᠬᠥᠮᠥᠨ᠂ ᠠᠩᠭ᠍ᠯᠢ ᠬᠡᠯᠡ 4 ᠬᠥᠮᠥᠨ᠂ ᠳᠠᠭᠤᠤ ᠬᠥᠭᠵᠢᠮ 2 ᠬᠥᠮᠥᠨ᠂ ᠤᠷᠠᠨ ᠵᠢᠷᠤᠭ 2 ᠬᠥᠮᠥᠨ᠃    ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ 1 ᠬᠥᠮᠥᠨ᠄ ᠴᠠᠬᠢᠯᠭᠠᠨ ᠮᠠᠰᠢᠨ ᠤ ᠮᠡᠷᠭᠡᠵᠢᠯ ᠤᠨ ᠬᠡᠷᠡᠭᠯᠡᠭᠡᠨ ᠤ ᠪᠠᠭᠰᠢ 1 ᠬᠥᠮᠥᠨ᠃    ᠲᠦᠷᠪᠡᠳᠦᠭᠡᠷ ᠲᠤ ᠂ ᠰᠢᠯᠢᠳᠡᠭ ᠪᠠᠭᠰᠢ ᠶᠢ ᠰᠣᠩᠭᠤᠨ ᠰᠢᠯᠵᠢᠭᠦᠯᠬᠦ ᠠᠵᠢᠯ ᠤᠨ ᠲᠠᠰ ᠳᠠᠷᠠᠭᠠᠯᠠᠯ    ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠠᠯᠪᠠᠨ ᠵᠠᠷ ᠨᠡᠶᠢᠲᠡᠯᠡᠨ᠎ᠡ᠃    ᠰᠣᠩᠭᠤᠨ ᠰᠢᠯᠵᠢᠭᠦᠯᠦᠭᠴᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠡᠭᠦᠰᠦᠭᠰᠡᠨ ᠦᠨᠡᠮᠯᠡᠯ ᠂ ᠬᠦᠴᠦᠨ ᠲᠠᠢ ᠰᠢᠯᠭᠠᠨ ᠪᠠᠲᠤᠯᠠᠬᠤ ᠬᠤᠭᠤᠴᠠᠭᠠᠨ ᠳᠠᠬᠢ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾᠂ ᠪᠠᠭᠰᠢ ᠶᠢᠨ ᠬᠢᠷᠢ ᠬᠡᠮ ᠤᠨ ᠦᠨᠡᠮᠯᠡᠯ᠂ ᠱᠠᠩᠨᠠᠯ ᠤᠨ ᠦᠨᠡᠮᠯᠡᠯ᠂ ᠣᠶᠢᠷ᠎ᠠ ᠶᠢᠨ ᠬᠤᠶᠠᠷ ᠵᠢᠯ ᠤᠨ ᠣᠨ ᠤ ᠬᠢᠨᠠᠨ ᠰᠢᠯᠭᠠᠯᠲᠠ ᠶᠢᠨ ᠬᠦᠰᠦᠨᠦᠭᠲᠦ ᠵᠢᠴᠢ ᠳᠡᠭᠡᠷ᠎ᠡ ᠳᠤᠷᠠᠳᠤᠭᠰᠠᠨ ᠦᠨᠡᠮᠯᠡᠯ ᠤᠨ ᠬᠠᠭᠤᠯᠪᠤᠷᠢ᠂ 2 ᠢᠮᠠᠬᠤ ᠶᠢᠨ ᠮᠠᠯᠠᠭᠠᠢ ᠦᠭᠡᠢ ᠬᠥᠬᠡ ᠳᠡᠪᠢᠰᠬᠡᠷ ᠲᠠᠢ 3 ᠬᠡᠷᠡᠯ ᠵᠢᠷᠤᠭ ︵ᠠᠷᠤ ᠲᠠᠯ᠎ᠠ ᠳᠤᠨᠢ ᠣᠪᠣᠭ ᠨᠡᠷ᠎ᠡ ᠵᠢᠴᠢ ᠰᠤᠷᠤᠯᠭ᠎ᠠ ᠶᠢᠨ ᠬᠤᠭᠤᠴᠠᠭᠠᠨ ᠤ ᠰᠢᠨᠵᠢᠯᠡᠭᠡᠨ ᠤ ᠰᠠᠯᠠᠭ᠎ᠠ ᠶᠢ ᠪᠢᠴᠢᠨ᠎ᠡ︶ ᠪᠠᠭᠤᠯᠭᠠᠵᠤ᠂ ︽2022 ᠣᠨ ᠤ ᠶᠤᠸᠠᠨ ᠪᠦᠦ ᠱᠠᠨ ᠲᠣᠭᠤᠷᠢᠭ ᠤᠨ ᠰᠢᠯᠢᠳᠡᠭ ᠪᠠᠭᠰᠢ ᠶᠢ ᠰᠣᠩᠭᠤᠨ ᠰᠢᠯᠵᠢᠭᠦᠯᠬᠦ ᠪᠠᠷ ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭᠲᠦ︾᠎ ᠶᠢ ᠪᠠᠭᠤᠯᠭᠠᠨ ᠠᠪᠴᠤ᠂ ᠲᠣᠰ ᠬᠥᠮᠥᠨ ᠤ ᠡᠯᠧᠺᠲᠷᠣᠨ ᠲᠣᠯᠣᠭᠠᠢ ᠶᠢᠨ ᠵᠢᠷᠤᠭ ᠢ ᠰᠢᠷᠪᠢᠬᠦ ᠶᠢᠨ ᠬᠠᠮᠲᠤ ᠡᠯ᠎ᠡ ᠵᠦᠢᠯ ᠤᠨ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠬᠤ ᠶᠢ ᠪᠦᠷᠢᠨ ᠪᠦᠲᠦᠨ ᠲᠠᠭᠯᠠᠵᠤ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ 302 ᠲᠠᠰᠤᠭ ᠲᠤ ᠨᠡᠷ᠎ᠡ ᠮᠡᠳᠡᠭᠦᠯᠦᠨ᠎ᠡ᠃    ᠨᠡᠷ᠎ᠡ ᠮᠡᠳᠡᠭᠦᠯᠬᠦ ᠴᠠᠭ :    2022 ᠣᠨ ᠤ 5 ᠰᠠᠷ᠎ᠠ ᠶᠢᠨ 23᠎ ᠤ ᠡᠳᠦᠷ ᠠᠴᠠ 2022 ᠣᠨ ᠤ 5 ᠰᠠᠷ᠎ᠠ ᠶᠢᠨ 26᠎ ᠤ ᠡᠳᠦᠷ    ᠨᠡᠷ᠎ᠡ ᠮᠡᠳᠡᠭᠦᠯᠬᠦ ᠯᠠᠪᠯᠠᠯᠲᠠ ᠶᠢᠨ ᠤᠲᠠᠰᠤ ᠄ 0476-3510421    ᠬᠢᠷᠢ ᠬᠡᠮ ᠤᠨ ᠬᠢᠨᠠᠨ ᠪᠠᠶᠢᠴᠠᠭᠠᠯᠲᠠ᠃    ᠰᠢᠯᠢᠳᠡᠭ ᠢ ᠨᠢ ᠰᠣᠩᠭᠤᠵᠤ ᠰᠢᠯᠢᠭᠳᠡᠯ ᠳᠤ ᠣᠷᠣᠭᠤᠯᠬᠤ ᠵᠠᠷᠴᠢᠮ ᠢ ᠦᠨᠳᠦᠰᠦᠯᠡᠨ᠂ ᠨᠡᠷ᠎ᠡ ᠮᠡᠳᠡᠭᠦᠯᠦᠭᠰᠡᠳ ᠲᠤ ᠰᠣᠩᠭᠤᠵᠤ ᠰᠢᠯᠵᠢᠭᠦᠯᠬᠦ ᠨᠥᠬᠦᠴᠡᠯ ᠤᠨ ᠶᠣᠰᠣᠭᠠᠷ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠬᠦ ᠦᠭᠡᠢ ᠬᠥᠮᠥᠰ ᠲᠤ ᠠᠩᠬᠠᠨ ᠤ ᠬᠢᠨᠠᠯᠲᠠ ᠶᠢ ᠥᠩᠭᠡᠷᠡᠭᠦᠯᠬᠦ ᠦᠭᠡᠢ ᠂ ᠬᠡᠷᠪᠡ ᠰᠣᠩᠭᠤᠨ ᠰᠢᠯᠵᠢᠭᠦᠯᠬᠦ ᠶᠠᠪᠤᠴᠠ ᠳᠤ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠭᠰᠡᠨ ᠪᠤᠶᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠵᠡᠷᠭᠡ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠰᠣᠩᠭᠤᠨ ᠰᠢᠯᠵᠢᠭᠦᠯᠦᠭᠳᠡᠬᠦ ᠬᠢᠷᠢ ᠬᠡᠮ ᠶᠢ ᠎ ᠨᠢ ᠴᠠᠭ ᠲᠤᠬᠠᠢ ᠳᠤᠨᠢ ᠬᠦᠴᠦᠨ ᠦᠭᠡᠢ ᠪᠣᠯᠭᠠᠵᠤ᠂ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠪᠦᠬᠦᠶᠢᠯᠡ ᠰᠣᠩᠭᠤᠨ ᠰᠢᠯᠵᠢᠭᠦᠯᠬᠦ ᠠᠵᠢᠯ ᠤᠨ ᠶᠠᠪᠤᠴᠠ ᠳᠤ ᠲᠤᠭᠤᠰᠢᠯᠠᠭᠤᠯᠤᠨ᠎ᠠ᠃    ᠨᠢᠭᠤᠷᠲᠠᠨ ᠰᠢᠯᠭᠠᠯᠲᠠ ᠶᠢᠨ ᠬᠢᠨᠠᠨ ᠰᠢᠯᠭᠠᠯᠲᠠ ᠳᠤ ᠰᠢᠯᠵᠢᠭᠦᠯᠦᠨ ᠣᠷᠣᠭᠤᠯᠤᠨ᠎ᠠ᠃    ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠬᠥᠮᠥᠰ ᠲᠤ ᠳᠠᠭᠤᠷᠢᠶᠠᠮᠠᠯ ᠬᠢᠴᠢᠶᠡᠯ ᠤᠨ ᠲᠠᠩᠬᠢᠮ ᠤᠨ ᠲᠤᠬᠠᠢ ᠶᠢᠨ ᠲᠠᠯᠠᠪᠤᠷ ᠤᠨ ᠨᠢᠭᠤᠷᠲᠠᠨ ᠰᠢᠯᠭᠠᠯᠲᠠ ︵ᠨᠢᠭᠤᠷᠲᠠᠨ ᠰᠢᠯᠭᠠᠯᠲᠠ ᠶᠢᠨ ᠪᠣᠳᠠᠲᠠᠢ ᠤᠴᠢᠷ ᠢ ᠠᠰ ᠲᠤᠨᠢ ᠮᠡᠳᠡᠭᠳᠡᠨ᠎ᠡ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢ ᠠᠩᠬᠠᠷᠤᠭᠠᠷᠠᠢ︶ ᠬᠢᠵᠦ᠂ ᠣᠷᠣᠨ ᠲᠤᠭ᠎ᠠ ᠶᠢᠨ ᠠᠯᠪᠠᠨ ᠭᠡᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠢᠨᠠᠯᠲᠠ ᠲᠠᠯᠪᠢᠬᠤ ᠳᠤ ᠣᠷᠣᠯᠴᠠᠨ᠎ᠠ᠂ ᠨᠢᠭᠤᠷᠲᠠᠨ ᠰᠢᠯᠭᠠᠯᠲᠠ ᠶᠢᠨ ᠬᠤᠪᠢ ᠶᠢᠨ ᠥᠨᠳᠥᠷ ᠠᠴᠠ ᠳᠣᠣᠷ᠎ᠠ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠲᠥᠷᠥᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠥᠮᠥᠨ ᠤ ᠲᠤᠭ᠎ᠠ ᠪᠠᠷ ᠰᠢᠯᠵᠢᠭᠦᠯᠦᠨ ᠣᠷᠣᠭᠤᠯᠬᠤ ᠭᠠᠷᠳᠠᠮ ᠢ ᠭᠦᠢᠴᠡᠳᠬᠡᠨ᠎ᠡ᠃ᠬᠡᠷᠪᠡ ᠨᠢᠭᠤᠷᠲᠠᠨ ᠰᠢᠯᠭᠠᠯᠲᠠ ᠶᠢᠨ ᠬᠤᠪᠢ ᠨᠢ ᠠᠳᠠᠯᠢ ᠪᠠᠶᠢᠪᠠᠯ᠂ ᠵᠢᠭᠠᠨ ᠰᠤᠷᠭᠠᠯᠲᠠ ᠶᠢᠨ ᠱᠠᠩᠨᠠᠯ ᠤᠨ ᠲᠠᠰ ᠨᠢ ᠥᠨᠳᠥᠷ ᠬᠥᠮᠥᠰ ᠢ ᠤᠷᠢᠳ ᠢᠶᠠᠷ ᠪᠣᠳᠣᠯᠬᠢᠯᠠᠵᠤ᠂ ᠠᠳᠠᠯᠢ ᠮᠡᠷᠭᠡᠵᠢᠯ ᠤᠨ ᠴᠣᠯᠠ ᠥᠨᠳᠥᠷ᠂ ᠮᠡᠷᠭᠡᠵᠢᠯ ᠤᠨ ᠴᠣᠯᠠ ᠶᠢᠨ ᠤᠷᠢᠯᠭ᠎ᠠ ᠶᠢᠨ ᠬᠤᠭᠤᠴᠠᠭ᠎ᠠ ᠨᠢ ᠣᠷᠳᠣ ᠬᠥᠮᠥᠰ ᠢ ᠤᠷᠢᠳ ᠢᠶᠠᠷ ᠱᠠᠩᠨᠠᠨ᠎ᠠ᠃    ᠰᠣᠩᠭᠤᠨ ᠰᠢᠯᠵᠢᠭᠦᠯᠬᠦ ᠠᠵᠢᠯᠲᠠᠨ ᠢ ᠰᠢᠯᠵᠢᠭᠦᠯᠦᠨ ᠭᠠᠷᠭᠠᠬᠤ ᠭᠠᠷᠳᠠᠮ ᠢ ᠰᠣᠩᠭᠤᠨ ᠰᠢᠯᠵᠢᠭᠦᠯᠬᠦ ᠬᠥᠮᠥᠨ ᠥᠪᠡᠷ ᠪᠠᠨ ᠬᠠᠷᠢᠭᠤᠴᠠᠨ᠎ᠠ᠂ 2022 ᠣᠨ ᠤ 6 ᠰᠠᠷ᠎ᠠ ᠶᠢᠨ 30᠎ ᠤ ᠡᠳᠦᠷ ᠠᠴᠠ ᠡᠮᠦᠨ᠎ᠡ ᠤᠤᠯ ᠤᠨ ᠠᠵᠢᠯᠯᠠᠵᠤ ᠪᠠᠶᠢᠭᠰᠠᠨ ᠭᠠᠵᠠᠷ ᠣᠷᠣᠨ ᠤ ᠬᠢᠨ ︽ᠠᠵᠢᠯᠲᠠᠨ ᠰᠢᠯᠵᠢᠭᠦᠯᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ᠳᠡᠭᠡᠷ᠎ᠡ ᠲᠠᠮᠠᠭ᠎ᠠ ᠳᠠᠷᠤᠵᠤ ᠰᠢᠯᠵᠢᠭᠦᠯᠦᠨ ᠭᠠᠷᠭᠠᠬᠤ ᠶᠢ ᠵᠥᠪᠰᠢᠶᠡᠷᠡᠨ᠎ᠡ᠂ ᠡᠰᠡ ᠲᠡᠭᠡᠪᠡᠯ ᠰᠣᠩᠭᠤᠨ ᠰᠢᠯᠵᠢᠭᠦᠯᠬᠦ ᠬᠢᠷᠢ ᠬᠡᠮ ᠢᠶᠠᠨ ᠠᠶᠠᠨᠳᠠᠭᠠᠨ ᠬᠠᠶᠠᠭᠰᠠᠨ ᠢᠶᠠᠷ ᠦᠵᠡᠵᠦ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠣᠷ᠎ᠠ ᠳᠠᠰᠢ ᠦᠷᠭᠦᠯᠵᠢᠯᠡᠨ ᠤᠷᠲᠤᠳᠬᠠᠨ᠎ᠠ᠃    ᠰᠣᠩᠭᠤᠭᠳᠠᠨ ᠰᠢᠯᠵᠢᠭᠰᠡᠨ ᠪᠠᠭᠰᠢ ᠳᠤ ᠤᠯᠤᠰ ᠲᠥᠷᠥ ᠶᠢᠨ ᠬᠢᠨᠠᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠲᠡᠮᠳᠡᠭᠯᠡᠯ ᠲᠠᠢ᠂ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠣᠯᠵᠤ ᠥᠩᠭᠡᠷᠡᠭᠰᠡᠨ᠂ ᠨᠡᠶᠢᠭᠡᠮ ᠤᠨ ᠶᠣᠰᠣ ᠮᠣᠷᠠᠯ ᠠᠴᠠ ᠬᠦᠨᠳᠦ ᠨᠣᠴᠢᠲᠠᠢ ᠵᠥᠷᠢᠴᠡᠵᠦ ᠮᠠᠭᠤ ᠨᠥᠯᠥᠭᠡ ᠭᠠᠷᠭᠠᠭᠰᠠᠨ ᠪᠠᠶᠢᠪᠠᠯ ᠰᠣᠩᠭᠤᠵᠤ ᠰᠢᠯᠵᠢᠭᠦᠯᠬᠦ ᠦᠭᠡᠢ᠃    ᠪᠠᠭᠰᠢ ᠶᠢ ᠰᠣᠩᠭᠤᠨ ᠰᠢᠯᠵᠢᠭᠦᠯᠬᠦ ᠳᠤ 5 ᠵᠢᠯ ᠤᠨ ᠦᠢᠯᠡᠴᠢᠯᠡᠭᠡᠨ ᠤ ᠬᠤᠭᠤᠴᠠᠭᠠᠨ ᠤ ᠭᠡᠷ᠎ᠡ ᠲᠣᠭᠲᠠᠭᠠᠨ᠎ᠠ᠃    ᠪᠠᠭᠰᠢ ᠶᠢᠨ ᠮᠡᠷᠭᠡᠵᠢᠯ ᠤᠨ ᠴᠣᠯᠠ ᠶᠢ ᠰᠣᠩᠭᠤᠨ ᠰᠢᠯᠵᠢᠭᠦᠯᠬᠦ ᠳᠤ ᠠᠵᠢᠯ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠪᠠᠶᠢᠳᠠᠯ ᠪᠠ ︽ᠤᠯᠠᠭᠠᠨᠬᠠᠳᠠ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ︵ᠤᠯᠠᠭᠠᠨᠬᠠᠳᠠ ᠨᠡᠶᠢᠭᠡᠮ ᠤᠨ ᠲᠠᠷᠬᠠᠭᠠᠭᠰᠠᠨ ︽2021︾ 1 ᠳ᠋ᠦᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠢ ᠦᠨᠳᠦᠰᠦᠯᠡᠨ ᠬᠡᠷᠡᠭᠵᠢᠭᠦᠯᠦᠨ᠎ᠡ᠃         ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ               2022 ᠣᠨ ᠤ 5 ᠰᠠᠷ᠎ᠠ ᠶᠢᠨ 1᠎ ᠤ ᠡᠳᠦᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1