2022 ᠣᠨ ᠤ ᠤᠯᠤᠰ ᠤᠨ ᠨᠢᠭᠡᠲᠦᠯᠲᠠᠢ ᠰᠢᠯᠭᠠᠯᠲᠠ ᠶᠢᠨ ᠴᠠᠭ ᠲᠣᠭᠲᠠᠪᠠ
ᠨᠡᠶᠢᠲᠡᠯᠡᠭᠰᠡᠨ ᠴᠠᠭ᠄
2022/5/10
     ᠰᠣᠷᠪᠤᠯᠵᠢᠯᠠᠭᠴᠢ 7᠎ ᠤ ᠡᠳᠦᠷ ᠰᠤᠷᠭᠠᠨ ᠬᠦᠮᠦᠵᠢᠯ ᠤᠨ ᠶᠠᠮᠤᠨ ᠠᠴᠠ ᠥᠢᠯᠠᠭᠠᠭᠰᠠᠨ ᠢᠶᠠᠷ᠂ 2022 ᠣᠨ ᠤ ᠤᠯᠥᠰ ᠤᠨ ᠨᠢᠭᠡᠲᠦᠯᠲᠠᠢ ᠰᠢᠯᠭᠠᠯᠲᠠ ᠶᠢ 6 ᠰᠠᠷ᠎ᠠ ᠶᠢᠨ 7᠎ ᠠᠴᠠ 8᠎ ᠤ ᠡᠳᠦᠷ ᠪᠤᠯᠲᠠᠯ᠎ᠠ ᠶᠠᠪᠤᠭᠳᠠᠭᠤᠯᠬᠤ ᠎ ᠪᠠᠷ ᠲᠣᠭᠲᠠᠪᠠ᠃     ᠰᠤᠷᠭᠠᠨ ᠬᠦᠮᠦᠵᠢᠯ ᠤᠨ ᠶᠠᠮᠤᠨ 7᠎ ᠤ ᠡᠳᠦᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠲᠦᠯᠲᠠᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠲᠧᠯᠸᠢᠰ ᠤᠳᠠᠰᠤᠲᠤ ᠬᠤᠷᠠᠯ ᠢ ᠬᠤᠷᠠᠯᠳᠤᠭᠤᠯᠵᠤ᠂ ᠪᠠᠶᠢᠳᠠᠯ ᠢ ᠰᠣᠳᠤᠯᠤᠨ ᠮᠠᠭᠠᠳᠯᠠᠵᠤ ᠂ 2022 ᠣᠨ ᠤ ᠤᠯᠤᠰ ᠤᠨ ᠨᠢᠭᠡᠲᠦᠯᠲᠠᠢ ᠰᠢᠯᠭᠠᠯᠲᠠ ᠶᠢᠨ ᠠᠵᠢᠯ ᠢ ᠪᠦᠬᠦ ᠲᠠᠯ᠎ᠠ ᠪᠠᠷ ᠳᠠᠶᠢᠴᠢᠯᠠᠨ ᠪᠠᠶᠢᠷᠢᠯᠠᠭᠤᠯᠪᠠ᠃     ᠬᠤᠷᠠᠯ ᠠᠴᠠ᠂ ᠬᠢᠵᠢᠭ ᠢ ᠰᠡᠷᠭᠡᠶᠢᠯᠡᠬᠦ ᠠᠵᠢᠯ ᠤᠨ ᠲᠦᠰᠦᠯ ᠢ ᠨᠠᠷᠢᠨ ᠨᠢᠭᠲᠠ ᠲᠣᠭᠲᠠᠭᠠᠵᠤ᠂ ᠬᠢᠵᠢᠭ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠡᠭᠦᠰᠬᠦ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠲᠡᠭᠦᠯᠳᠡᠷᠵᠢᠭᠦᠯᠵᠦ᠂ ︽ ᠰᠢᠯᠭᠠᠭᠤᠯᠬᠤ ᠶᠣᠰᠣᠲᠠᠢ ᠶᠢ ᠨᠢ ᠪᠦᠬᠦᠨ ᠢ ᠰᠢᠯᠭᠠᠭᠤᠯᠬᠤ︾  ᠂ ︽ ᠠᠮᠤᠷ ᠲᠣᠭᠲᠠᠭᠤᠨ ᠪᠠᠶᠢᠬᠤ ︾ ᠎ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1