ᠪᠦᠭᠡᠮ ᠬᠦᠴᠢᠯ ᠤᠨ ᠪᠠᠶᠢᠴᠠᠭᠠᠯᠲᠠ ᠶᠢᠨ ᠦᠨ᠎ᠡ ᠶᠢ ᠳᠠᠬᠢᠨᠲᠠ ᠪᠠᠭᠤᠷᠠᠭᠤᠯᠪᠠ
ᠨᠡᠶᠢᠲᠡᠯᠡᠭᠰᠡᠨ ᠴᠠᠭ᠄
2022/5/11
     5 ᠳ᠋ᠤᠭᠠᠷ ᠰᠠᠷ᠎ᠠ ᠶᠢᠨ 9᠎ ᠤ ᠡᠳᠦᠷ ᠠᠴᠠ ᠡᠬᠢᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠦᠨ᠎ᠡ ᠶᠢ ᠳᠠᠬᠢᠨᠲᠠ ᠪᠠᠭᠤᠷᠠᠭᠤᠯᠬᠤ  ᠪᠠᠷ ᠲᠣᠭᠲᠠᠪᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠤᠰ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠬᠤᠪᠢ ᠬᠦᠮᠦᠨ ᠤ ᠪᠠᠶᠢᠴᠠᠭᠠᠯᠲᠠ ᠶᠢᠨ ᠦᠨ᠎ᠡ ᠬᠠᠩᠰᠢ ᠶᠢ ᠤᠳᠠᠭ᠎ᠠ ᠪᠦᠷᠢ ᠳᠤ ᠬᠠᠮᠤᠭ ᠦᠨᠳᠦᠷ ᠲᠤ ᠪᠠᠨ 19.7 ᠲᠦᠭᠦᠷᠢᠭ ᠪᠣᠯᠭᠠᠨ ᠲᠤᠬᠢᠷᠠᠭᠤᠯᠵᠤ᠂ ᠬᠤᠯᠢᠯᠳᠠᠭᠤᠯᠤᠨ ᠪᠠᠶᠢᠴᠠᠭᠠᠬᠤ ᠳᠤ ᠦᠯᠢᠭᠡᠷ ᠡᠳ᠋ ᠤᠨ ᠲᠤᠭ᠎ᠠ ᠬᠡᠮᠵᠢᠶ᠎ᠡ ᠶᠢ ᠢᠯᠭᠠᠬᠤ ᠦᠭᠡᠢ᠂ ᠬᠠᠮᠤᠭ ᠦᠨᠳᠦᠷ ᠲᠤ ᠪᠠᠨ 3.4 ᠲᠦᠭᠦᠷᠢᠭ ᠪᠣᠯᠭᠠᠨ ᠲᠣᠬᠢᠷᠠᠭᠤᠯᠪᠠ᠃ ᠡᠭᠦᠨ ᠳᠤ᠂ ᠰᠦᠢᠳᠬᠡᠯ ᠬᠤᠷᠢᠶᠠᠬᠤ ᠪᠠᠷᠢᠮᠵᠢᠶ᠎ᠠ ᠳᠤ ᠪᠠᠶᠢᠴᠠᠭᠠᠯᠲᠠ ᠶᠢᠨ ᠲᠤᠷᠰᠢᠯᠲᠠ ᠶᠢᠨ ᠡᠮ ᠢ ᠪᠠᠭᠲᠠᠭᠠᠨ᠎ᠠ᠃ ᠲᠤᠰ ᠲᠦᠷᠦᠯ ᠵᠦᠢᠯ ᠤᠨ ᠦᠨ᠎ᠡ ᠬᠠᠩᠰᠢ ᠪᠣᠯ ᠵᠠᠰᠠᠭ ᠤᠨ ᠣᠷᠳᠤᠨ ᠤ ᠬᠠᠮᠤᠭ ᠦᠨᠳᠦᠷ ᠵᠢᠯᠤᠭᠤᠳᠬᠤ ᠦᠨ᠎ᠡ ᠪᠤᠯᠬᠤᠷ ᠦᠰᠭᠡᠵᠦ  ᠪᠣᠯᠬᠤ ᠦᠭᠡᠢ᠂ ᠪᠠᠭᠤᠷᠠᠭᠤᠯᠬᠤ ᠬᠡᠮᠵᠢᠶ᠎ᠡ ᠶᠢ ᠬᠢᠵᠠᠭᠠᠷᠯᠠᠬᠤ ᠦᠭᠡᠢ᠃ 
 
ᠢᠷᠡᠯᠲᠡ᠄ ︽ᠠᠷᠠᠳ ᠤᠨ ᠰᠦᠯᠵᠢᠶᠡᠨ ᠤ ᠮᠤᠩᠭᠤᠯ ᠬᠡᠯᠡᠨ ᠤ ᠰᠤᠪᠠᠭ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1