ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠤᠨᠤᠯ  ᠰᠤᠷᠤᠯᠴᠠᠯᠭ᠎ᠠ ᠶᠢᠨ ᠭᠤᠣᠯ ᠳᠤᠭᠤᠶᠢᠯᠠᠩ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠪᠤᠯᠬᠢᠵᠢᠵᠤ ᠠᠷᠠᠯᠵᠢᠶᠠᠵᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/12
     5 ᠰᠠᠷ᠎ᠠ ᠶᠢᠨ 6᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠱᠦᠵᠢ ᠵᠠᠩ ᡁᠢ ᠸᠧᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠣᠨᠣᠯ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠪᠤᠯᠬᠢᠵᠢᠵᠦ ᠠᠷᠠᠯᠵᠢᠶᠠᠵᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠪᠦᠷᠢᠯᠳᠦᠭᠦᠨ ᠵᠧᠦ ᠵᠠᠨ ᠯᠢ ᠂ ᠵᠢᠶᠣᠣ ᠴᠢᠩ ᠳ᠋ᠦᠩ ᠂ ᠯᠢ ᠽᠥᠩ ᠮᠧᠩ᠂ ᠶᠢᠨ ᠮᠢᠩ ᠂ ᠫᠧᠩ ᠰᠢᠶᠣᠣ ᠵᠢᠤᠸᠠᠨ ᠬᠤᠷᠠᠯ ᠳᠤ ᠣᠷᠣᠯᠴᠠᠵᠤ ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ ᠸᠧᠢ ᠬᠤᠷᠠᠯ ᠳᠤ ᠰᠤᠯᠠ ᠣᠷᠣᠯᠴᠠᠪᠠ ᠃
1_副本.jpg
     ᠬᠤᠷᠠᠯ ᠎ ᠨᠢ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︾ ᠂ ︽ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠳᠦᠷᠢᠮ ᠲᠣᠭᠲᠠᠭᠠᠯ ᠨᠤᠭᠤᠳ ︾ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠬᠠᠮᠲᠤᠪᠠᠷ ᠰᠤᠷᠤᠯᠴᠠᠵᠤ ᠂ ᠬᠡᠷᠡᠭ  ᠤᠴᠢᠷ ᠤᠨ ᠵᠢᠱᠢᠶ᠎ᠡ ᠎ ᠪᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠦᠵᠡᠪᠡ ᠃
2_副本.jpg
     ᠬᠤᠷᠠᠯ ᠠᠴᠠ ᠂ ᠪᠦᠬᠦ ᠲᠤᠭᠤᠷᠢᠭ ᠤᠨ ᠬᠡᠪᠴᠢᠶᠡᠨ ᠳᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ  ᠪᠤᠯᠬᠢᠵᠢᠵᠤ ᠠᠷᠠᠯᠵᠢᠶᠠᠵᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠥᠷᠨᠢᠭᠦᠯᠬᠦ ᠎ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠬᠤ ᠬᠦᠴᠦᠲᠡᠢ ᠠᠷᠭ᠎ᠠ ᠠᠪᠴᠠᠯ ᠮᠦᠨ᠂ ᠮᠦᠨ ᠴᠦ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠬᠦ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠡᠭᠴᠡᠯᠡᠬᠦ ᠵᠠᠩᠭᠢᠯᠠᠭ᠎ᠠ ᠶᠢᠨ ᠭᠤᠭᠴᠤᠭ᠎ᠠ ᠪᠠᠶᠢᠵᠤ᠂ ᠠᠯᠤᠰ ᠬᠡᠳᠤ ᠶᠢᠨ ᠨᠥᠯᠥᠭᠡ ᠪᠠ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠵᠠᠢ᠃     ᠬᠤᠷᠠᠯ ᠠᠴᠠ ᠂ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ ᠂   ᠲᠥᠪᠯᠡᠷᠡᠭᠦᠯᠦᠨ ᠵᠠᠰᠠᠬᠤ ᠠᠵᠢᠯ ᠤᠨ ᠲᠡᠦᠬᠡᠳᠦ ᠰᠠᠨᠠᠭᠠᠴᠢᠯᠠᠭᠠᠲᠤ ᠴᠢᠨᠠᠷ ᠪᠣᠯᠣᠨ ᠤᠯᠤᠰ ᠲᠦᠷᠦ ᠶᠢᠨ ᠤᠬᠠᠮᠰᠠᠷᠲᠤ ᠴᠢᠨᠠᠷ ᠢᠶᠠᠨ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠃ ᠬᠤᠪᠢᠰᠬᠠᠯ ᠤᠨ ᠪᠠᠲᠤ ᠬᠦᠴᠦᠨ ᠢ   ᠪᠠᠷᠢᠮᠲᠠᠯᠠᠨ᠂ ᠬᠤᠷᠴᠠ ᠰᠡᠷᠭᠡᠭ ᠲᠠᠨᠢᠯᠲᠠ ᠎ ᠲᠠᠢ ᠪᠠᠶᠢᠵᠤ᠂ ᠲᠥᠪᠯᠡᠷᠡᠭᠦᠯᠦᠨ ᠵᠠᠰᠠᠬᠤ ᠠᠵᠢᠯ ᠤᠨ ᠲᠠᠰᠤᠷᠠᠯᠳᠡ ᠦᠭᠡᠢ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠡᠭᠴᠡᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠲᠠᠯ᠎ᠠ ᠪᠠᠷ ᠬᠦᠴᠦ ᠪᠠᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠳ ᠪᠠᠰᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠪᠤᠯᠬᠢᠵᠢᠵᠤ ᠠᠷᠠᠯᠵᠢᠶᠠᠵᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1