ᠶᠤᠸᠠᠨ ᠪᠦᠦ ᠱᠠᠨ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/12
                                                                
1_副本.jpg
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠣᠯᠡᠮ ᠪᠠᠬᠢᠵᠢᠭᠦᠯᠦᠨ ᠦᠷᠭᠡᠳᠬᠡᠵᠦ ᠰᠠᠶᠢᠲᠤᠷ ᠨᠠᠶᠢᠳᠠᠪᠤᠷᠢᠵᠢᠭᠤᠯᠤᠨ᠂ ᠪᠠᠯᠭᠠᠰᠤ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ ᠂ 5 ᠳ᠋ᠤᠭᠠᠷ ᠰᠠᠷ᠎ᠠ ᠶᠢᠨ 6᠎ ᠤ ᠡᠳᠦᠷ ᠠᠴᠠ 7᠎ ᠤ ᠡᠳᠦᠷ ᠪᠣᠯᠲᠠᠯ᠎ᠠ᠂  ᠲᠣᠭᠤᠷᠢᠭ ᠤᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠎ ᠠᠴᠠ ᠫᠢᠩ ᠵᠤᠸᠠᠩ ᠪᠠᠯᠭᠠᠰᠤ ᠪᠤᠯᠤᠨ ᠶᠤᠸᠠᠨ ᠪᠦᠦ ᠱᠠᠨ ᠪᠠᠯᠭᠠᠰᠤᠨ ᠳᠤ ᠲᠤᠰ ᠲᠤᠰ ᠪᠥᠬᠦ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ ᠪᠣᠯᠤᠨ ᠫᠢᠩ ᠵᠤᠸᠠᠩ ᠳ᠋ᠦᠩ ᠴᠧᠩ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠤᠰᠬᠠᠢ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠮᠡᠳᠡᠭᠡ ᠵᠠᠩᠭᠢᠴᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠯᠪᠠᠰᠤᠷᠠᠯ ᠳᠤ ᠣᠷᠣᠯᠴᠠᠵᠠᠢ᠃
2_副本.jpg
     ᠬᠤᠷᠠᠯ ᠳᠡᠭᠡᠷ᠎ᠡ 2022 ᠣᠨ ᠤ ᠬᠤᠶᠠᠳᠤᠭᠠᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠵᠤ ᠬᠠᠪᠰᠤᠷᠬᠤ ᠪᠦᠬᠦ ᠲᠠᠯ᠎ᠠ ᠶᠢᠨ ᠪᠠᠶᠢᠴᠠᠭᠠᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ︔ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠠᠵᠢᠯᠲᠠᠳ ᠲᠣᠰ ᠲᠣᠰ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠪᠣᠳᠠᠲᠠᠢ ᠱᠠᠭᠠᠷᠳᠠᠯᠭ᠎ᠠ ᠶᠢᠨ ᠲᠠᠯ᠎ᠠ ᠪᠠᠷ ᠬᠤᠷᠠᠯ ᠳᠤ ᠣᠷᠣᠯᠴᠠᠭᠰᠠᠳ ᠲᠤ ᠪᠤᠯᠪᠠᠰᠤᠷᠠᠯ ᠬᠦᠷᠲᠡᠭᠡᠪᠡ᠃
3_副本.jpg
     ᠬᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠪᠤᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠬᠢᠨᠠᠮᠠᠭᠠᠢ ᠡᠵᠡᠮᠰᠢᠵᠦ ᠂ ᠥᠪᠡᠷ ᠤᠨ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢᠭᠤᠷᠬᠠᠢ ᠴᠢᠳᠠᠮᠠᠭᠠᠢ ᠠᠵᠢᠯᠯᠠᠵᠤ ᠂ ᠪᠥᠬᠦ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠎ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠤᠯᠡᠮ ᠪᠠᠬᠢᠵᠢᠭᠦᠯᠦᠨ ᠦᠷᠭᠡᠳᠬᠡᠵᠦ ᠰᠠᠶᠢᠲᠤᠷ ᠨᠠᠶᠢᠳᠠᠪᠤᠷᠢᠵᠢᠭᠤᠯᠬᠤ ᠳᠤ ᠥᠪᠡᠷ ᠤᠨ ᠬᠦᠴᠦ ᠪᠠᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1