2023 ᠣᠨ ᠠᠴᠠ ᠠᠵᠢᠯ ᠣᠯᠵᠦ ᠨᠡᠷ᠎ᠡ ᠮᠡᠳᠡᠬᠦᠯᠬᠦ ᠦᠨᠡᠮᠯᠡᠯ ᠢ ᠲᠠᠬᠢᠵᠦ ᠲᠠᠷᠬᠠᠭᠠᠬᠤ ᠦᠭᠡᠢ
ᠨᠡᠶᠢᠲᠡᠯᠡᠭᠰᠡᠨ ᠴᠠᠭ᠄
2022/5/19
     5 ᠰᠠᠷ᠎ᠠ ᠶᠢᠨ 13᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾᠎ ᠢ ᠨᠡᠶᠢᠲᠡᠯᠡᠵᠦ᠂ 2023 ᠣᠨ ᠠᠴᠠ ᠡᠬᠢᠯᠡᠨ᠂ ︽ᠪᠥᠬᠦ ᠤᠯᠤᠰ ᠤᠨ ᠡᠩ ‍ᠤᠨ‌‍ᠶᠡᠭᠡ ᠳᠡᠭᠡᠳᠦ ᠰᠤᠷᠭᠠᠭᠤᠯᠢ ᠶᠢᠨ ᠪᠦᠷᠢᠨ ᠮᠡᠷᠭᠡᠵᠢᠯ ᠤᠨ ᠠᠩᠭᠢ ᠪᠠ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ ‍ᠤᠨ‌ᠠᠵᠢᠯ ᠣᠯᠵᠦ ᠨᠡᠷ᠎ᠡ ᠮᠡᠳᠡᠭᠦᠯᠬᠦ ᠦᠨᠡᠮᠯᠡᠯ︾ ᠪᠠ ︽ᠪᠥᠬᠦ ᠤᠯᠤᠰ ᠤᠨ ᠲᠡᠭᠦᠰᠬᠦ ᠰᠤᠳᠤᠯᠬᠤ ᠰᠤᠷᠤᠭᠴᠢ ᠎ ᠶᠢᠨ ᠠᠵᠢᠯ ᠣᠯᠵᠦ ᠨᠡᠷ᠎ᠡ ᠮᠡᠳᠡᠭᠦᠯᠬᠦ ᠦᠨᠡᠮᠯᠡᠯ︾᠎ ᠢ ᠳᠠᠭᠢᠵᠤ ᠲᠠᠷᠬᠠᠭᠠᠬᠤ ᠥᠬᠡᠶ᠂ ᠠᠵᠢᠯ ᠣᠯᠵᠦ ᠨᠡᠷ᠎ᠡ ᠮᠡᠳᠡᠭᠦᠯᠬᠦ ᠦᠨᠡᠮᠯᠡᠯ ᠢ ᠨᠥᠬᠦᠨ ᠭᠦᠢᠴᠡᠳᠭᠡᠬᠦ᠂ ᠥᠭᠡᠷᠡᠴᠢᠯᠡᠨ ᠲᠣᠮᠢᠯᠠᠬᠤ ᠭᠠᠷᠳᠠᠮ ᠢ ᠬᠦᠴᠦᠨ ᠥᠬᠡᠶ ᠪᠣᠯᠭᠠᠵᠤ᠂ ᠠᠵᠢᠯ ᠣᠯᠵᠦ ᠨᠡᠷ᠎ᠡ ᠮᠡᠳᠡᠭᠦᠯᠬᠦ ᠦᠨᠡᠮᠯᠡᠯ ᠎ ᠢ ᠶᠡᠭᠡ ᠳᠡᠭᠡᠳᠦ ᠰᠤᠷᠭᠠᠭᠤᠯᠢ ᠎ ᠠᠴᠠ ᠲᠡᠭᠦᠰᠦᠭᠰᠡᠳ ᠢ ᠤᠷᠢᠵᠤ ᠬᠡᠷᠡᠭᠯᠡᠬᠦ᠂ ᠡᠷᠦᠬᠡ ᠠᠮᠠ ᠣᠷᠣᠭᠤᠯᠬᠤ᠂ ᠲᠠᠩᠰᠠ ᠡᠪᠬᠡᠮᠡᠯ ᠢ ᠭᠥᠯᠢᠶᠡᠨ ᠠᠪᠴᠤ ᠳᠠᠮᠵᠢᠭᠤᠯᠤᠨ ᠬᠦᠷᠭᠡᠬᠦ ᠵᠡᠷᠭᠡ ᠭᠠᠷᠳᠠᠮ ᠢ ᠭᠦᠢᠴᠡᠳᠭᠡᠬᠦ ᠳᠤ ᠵᠠᠪᠠᠯ ᠱᠠᠭᠠᠷᠳᠠᠭᠳᠠᠬᠤ ᠮᠠᠲ᠋ᠧᠷᠢᠶᠠᠯ ᠪᠣᠯᠭᠠᠬᠤ ᠥᠬᠡᠶ ᠭᠡᠵᠠᠢ᠃              ᠮᠡᠳᠡᠭᠳᠡᠯ ᠳᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠰᠢᠰᠲ᠋ᠧᠮ ᠢ ᠪᠦᠷᠢᠨᠰᠢᠬᠦᠯᠵᠦ᠂ ᠬᠥᠮᠦᠨ ᠬᠡᠷᠡᠭᠯᠡᠬᠦ ᠨᠢᠭᠡᠴᠢ ᠪᠣᠯᠤᠨ ᠶᠡᠭᠡ ᠳᠡᠭᠡᠳᠦ ᠰᠤᠷᠭᠠᠭᠤᠯᠢ ᠎ ᠠᠴᠠ ᠲᠡᠭᠦᠰᠦᠭᠰᠡᠳ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠳᠤ ᠲᠥᠬᠦᠮ ᠦᠵᠡᠭᠦᠯᠵᠦ᠂ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠭᠠᠵᠠᠷ ᠣᠷᠣᠨ ᠤ ᠬᠥᠮᠦᠨ ᠬᠡᠷᠡᠭᠯᠡᠬᠦ ᠨᠢᠭᠡᠴᠢ ᠪᠣᠯᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠵᠣᠷᠢᠭᠵᠢᠭᠤᠯᠬᠤ ᠬᠡᠷᠡᠭᠲᠡᠶ ᠭᠡᠵᠠᠢ᠃                
 
ᠢᠷᠡᠯᠲᠡ᠄ ᠠᠷᠠᠳ ᠤᠨ ᠰᠦᠯᠵᠢᠶᠡᠨ ᠤ ᠮᠤᠩᠭᠤᠯ ᠬᠡᠯᠡᠨ ᠤ ᠰᠤᠪᠠᠭ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1