ᠤᠯᠠᠭᠠᠨᠬᠠᠳᠠ ᠬᠤᠲᠠ ᠶᠢᠨ ᠪᠡᠶ᠎ᠡ ᠲᠠᠮᠢᠷ ᠤᠨ ᠲᠤᠪᠴᠢᠶᠠᠨ ᠤ ᠲᠤᠪᠴᠢᠶᠠᠨ ᠳᠠᠷᠤᠭ᠎ᠠ ᠵᠠᠩ ᠵᠢᠶ ᠰᠢᠨ ᠶᠤᠸᠠᠨ ᠪᠦᠦ ᠱᠠᠨ ᠲᠣᠭᠤᠷᠢᠭ ᠲᠤ ᠢᠷᠡᠵᠦ ᠪᠡᠶ᠎ᠡ ᠲᠠᠮᠢᠷ ᠤᠨ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/19
     5 ᠳ᠋ᠤᠭᠠᠷ ᠰᠠᠷ᠎ᠠ ᠶᠢᠨ 16᠎ ᠤ ᠡᠳᠦᠷ ᠤᠯᠠᠭᠠᠨᠬᠠᠳᠠ ᠬᠤᠲᠠ ᠶᠢᠨ ᠪᠡᠶ᠎ᠡ ᠲᠠᠮᠢᠷ ᠤᠨ ᠲᠤᠪᠴᠢᠶᠠᠨ ᠤ ᠲᠤᠪᠴᠢᠶᠠᠨ ᠳᠠᠷᠤᠭ᠎ᠠ ᠵᠠᠩ ᠵᠢᠶ ᠰᠢᠨ ᠪᠠᠶᠢᠴᠠᠭᠠᠨ ᠰᠣᠳᠤᠯᠬᠤ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠬᠠᠷᠢᠭᠤ ᠮᠡᠳᠡᠭᠦᠯᠦᠯᠲᠡ ᠰᠣᠨᠣᠰᠬᠤ᠂ ᠠᠬᠤᠢ ᠲᠠᠯᠠᠪᠤᠷ ᠲᠤ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠪᠡᠶ᠎ᠡ ᠲᠠᠮᠢᠷ ᠤᠨ ᠠᠵᠢᠯ ᠦᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠣᠳᠣᠯᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠫᠧᠩ ᠰᠢᠶᠤᠤ ᠵᠢᠦᠸᠠᠨ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠤᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
1_副本.jpg
     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠫᠢᠩ ᠵᠤᠸᠠᠩ ᠤᠨ ᠰᠢ ᠴᠧᠩ ᠵᠡᠭᠡᠯᠢ ᠭᠤᠳᠤᠮᠵᠢ ᠶᠢᠨ ᠬᠤᠳᠠ ᠶᠢᠨ ᠠᠷᠠᠳ ᠤᠨ ᠠᠭᠤᠳᠠᠮ ᠲᠠᠯᠠᠪᠠᠢ᠂ ︽ ᠨᠡᠶᠢᠭᠡᠮ ᠤᠨ ᠬᠥᠯ ᠪᠥᠮᠪᠦᠭᠡ ᠶᠢᠨ ᠲᠠᠯᠠᠪᠠᠢ ᠶᠢᠨ ᠲᠦᠰᠦᠯ ︾᠎ ᠤᠨ ᠪᠥᠲᠥᠭᠡᠨ ᠪᠠᠶᠢᠭᠤᠯᠤᠯᠲᠠ ᠶᠢᠨ ᠠᠬᠤᠢ ᠲᠠᠯᠠᠪᠤᠷ ᠲᠤ ᠬᠦᠷᠦᠨ ᠪᠠᠶᠢᠴᠠᠭᠠᠨ ᠦᠵᠡᠵᠦ᠂ ᠶᠠᠪᠠᠭᠠᠨ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ᠂ ᠪᠡᠶ᠎ᠡ ᠲᠠᠮᠢᠷ ᠤᠨ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠬᠠᠮᠢᠶ᠎ᠠ ᠪᠥᠬᠦᠶ ᠪᠡᠶ᠎ᠡ ᠲᠠᠮᠢᠷ ᠤᠨ ᠲᠦᠰᠦᠯ ᠢ ᠨᠡᠮᠡᠵᠦ ᠪᠠᠶᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠲᠣᠭᠤᠷᠢᠭ ᠤᠨ ᠪᠡᠶ᠎ᠡ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠪᠡᠶ᠎ᠡ ᠲᠠᠮᠢᠷ ᠤᠨ ᠠᠵᠢᠯ ᠤᠨ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠪᠡᠶ᠎ᠡ ᠲᠠᠮᠢᠷ ᠤᠨ ᠲᠦᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠠᠰᠤᠲᠠᠶᠢᠴᠤᠳ ᠲᠤ ᠳᠣᠭᠢᠷᠠᠬᠤ ᠪᠡᠶ᠎ᠡ ᠲᠠᠮᠢᠷ ᠤᠨ ᠲᠥᠷᠥᠯ ᠵᠦᠢᠯ ᠢ ᠨᠠᠩ ᠣᠯᠠᠨ ᠨᠠᠮᠠᠨ ᠳᠣᠭᠢᠷᠠᠭᠤᠯᠵᠤ᠂ ᠣᠯᠡᠨ ᠡᠰᠢᠵᠢᠯ ᠪᠤᠯᠤᠨ ᠦᠪᠡᠷᠮᠢᠴᠡᠵᠢᠯ ᠢ ᠠᠬᠢᠭᠤᠯᠤᠨ᠂ ᠠᠷᠠᠳ ᠣᠯᠠᠨ ᠤ ᠪᠡᠶ᠎ᠡ ᠲᠠᠮᠢᠷ ᠤᠨ ᠠᠮᠢᠳᠤᠷᠠᠯ ᠢ ᠣᠯᠡᠮ ᠪᠠᠶᠠᠯᠢᠭᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
2_副本.jpg
     ᠫᠧᠩ ᠰᠢᠶᠤᠤ ᠵᠢᠤᠸᠠᠨ᠂ ᠶᠤᠸᠠᠨ ᠪᠦᠦ ᠱᠠᠨ ᠲᠣᠭᠤᠷᠢᠭ ᠪᠡᠶ᠎ᠡ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠢ ᠥᠷᠭᠡᠨ ᠢᠶᠠᠷ ᠥᠷᠨᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠣᠭᠤᠷᠢᠭ᠂  ᠰᠢᠶᠠᠩ ᠪᠠᠯᠭᠠᠰᠤ ︵ᠵᠡᠭᠡᠯᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠲᠣᠣᠷ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠡᠶ᠎ᠡ ᠲᠠᠮᠢᠷ ᠪᠣᠯᠤᠨ ᠪᠤᠰᠤᠳ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ ᠂ ᠪᠡᠶ᠎ᠡ ᠲᠠᠮᠢᠷ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠪᠠᠳᠠᠷᠠᠭᠤᠯᠵᠤ᠂ ᠪᠡᠶ᠎ᠡ ᠲᠠᠮᠢᠷ ᠤᠨ ᠠᠵᠢᠯ ᠎ ᠤᠨ ᠳᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1