5 ᠰᠠᠷ᠎ᠠ ᠶᠢᠨ 16 ᠤ ᠡᠳᠦᠷ ᠂ ᠱᠠᠨᠳᠦ᠋ᠩ ᠮᠤᠵᠢ ᠶᠢᠨ ᠤᠯᠠᠭᠠᠨᠬᠠᠳᠠ ᠶᠢᠨ ᠬᠤᠳᠠᠯᠳᠤᠭᠠᠴᠢᠳ ᠤᠨ | ᠡᠪᠯᠡᠯ ᠤᠨ ᠳᠠᠷᠤᠭ᠎ᠠ ᠯᠢᠦ ᠸᠧᠨ ᠮᠢᠩ ᠨᠠᠷ ᠶᠤᠸᠠᠨ ᠪᠦᠦ ᠱᠠᠨ ᠲᠣᠭᠤᠷᠢᠭ ᠲᠤ ᠢᠷᠡᠵᠦ ᠰᠢᠨᠵᠢᠯᠡᠨ ᠪᠠᠶᠢᠴᠠᠭᠠᠭᠰᠠᠨ | ᠪᠦᠭᠡᠳ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠬᠡᠯᠡᠯᠴᠡᠭᠡᠷ ᠲᠣᠭᠲᠠᠪᠠ᠃ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨᠲ᠋ᠠᠷᠤᠭ᠎ᠠ ᠵᠧᠦ ᠵᠠᠨ ᠯᠢ᠂ | ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠣᠭᠤᠷᠢᠭ ᠤᠨ ᠮᠥᠩᠭᠦᠨ | ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠶᠤᠸᠠᠨ ᠪᠦᠦ ᠱᠠᠨ ᠤ ᠠᠵᠤ ᠦᠢᠯᠡᠰ ᠤᠨ | ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠳ ᠪᠠᠷ᠎ᠠ | ᠪᠣᠯᠵᠤ ᠰᠢᠨᠵᠢᠯᠡᠨ ᠪᠠᠶᠢᠴᠠᠭᠠᠪᠠ᠃ | | ᠶᠠᠷᠢᠯᠴᠠᠬᠤ ᠬᠤᠷᠠᠯ ᠳᠡᠭᠡᠷ᠎ᠡ ᠂ ᠵᠧᠦ ᠵᠠᠨ ᠯᠢ ᠂ ᠯᠢᠦ ᠸᠧᠨ ᠮᠢᠩ ᠨᠠᠷ ᠤᠨ ᠬᠦᠷᠦᠯᠴᠡᠨ ᠢᠷᠡᠭᠰᠡᠨ ᠳᠤ | ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠲᠣᠭᠤᠷᠢᠭ ᠤᠨ ᠦᠨᠳᠦᠰᠦᠨ ᠪᠠᠶᠢᠳᠠᠯ ᠢ | ᠲᠠᠨᠢᠯᠴᠠᠭᠤᠯᠪᠠ ᠃ ᠲᠡᠷᠡ ᠂ ᠶᠤᠸᠠᠨ ᠪᠦᠦ ᠱᠠᠨ ᠲᠣᠭᠤᠷᠢᠭ ᠨᠢ ᠵᠠᠮ ᠬᠠᠷᠢᠯᠴᠠᠭ᠎ᠠ ᠲᠦᠭᠦᠮ ᠂ ᠡᠬᠢ ᠪᠠᠶᠠᠯᠢᠭ ᠡᠯᠪᠡᠭ ᠂ | ᠠᠮᠢ ᠠᠬᠤᠢ ᠰᠢᠯᠢᠳᠡᠭ ᠪᠦᠭᠡᠳ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠂ ᠦᠢᠯᠡᠳᠪᠦᠷᠢᠯᠡᠯ ᠤᠨ ᠡᠯᠧᠮᠧᠨ᠋ᠲ ᠤᠨ | ᠪᠠᠲᠤᠯᠠᠭ᠎ᠠ ᠂ ᠢᠵᠢ ᠪᠦᠷᠢᠳᠦᠭᠰᠡᠨ ᠲᠥᠬᠦᠭᠡᠷᠦᠮᠵᠢ ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠵᠡᠷᠭᠡ | ᠲᠠᠯ᠎ᠠ ᠪᠠᠷ ᠪᠦᠷ ᠳᠠᠪᠠᠭᠤᠯᠢᠭ ᠨᠦᠭᠦᠴᠡᠯ ᠲᠠᠢ᠂ ᠠᠵᠠ ᠲᠤᠬᠢᠶᠠᠯ ᠪᠠ ᠠᠮᠢᠵᠢᠷᠠᠯ ᠤᠨ ᠬᠦᠴᠦᠨ ᠪᠢᠯᠬᠠᠭᠰᠠᠨ ᠪᠡᠯᠡ | ᠣᠷᠣᠭᠤᠯᠤᠯᠲᠠ ᠶᠢᠨ ᠬᠠᠯᠠᠭᠤᠨ ᠬᠦᠷᠦᠰᠦ ᠪᠠᠶᠢᠵᠤ ᠂ ᠠᠷᠠᠯᠵᠢᠶᠠᠴᠢᠳ ᠪᠡᠯᠡ ᠣᠷᠣᠭᠤᠯᠬᠤ ᠳᠤ ᠬᠢᠵᠠᠭᠠᠯᠠᠰᠢ ᠦᠭᠡᠢ | ᠬᠦᠭᠵᠢᠯᠲᠡ ᠶᠢᠨ ᠣᠷᠣᠨ ᠵᠠᠢ ᠲᠠᠢ ᠪᠠᠶᠢᠳᠠᠭ᠃ ᠠᠵᠤ ᠠᠬᠤᠶᠢᠯᠠᠯᠲᠠᠳ ᠡᠨᠡ ᠤᠳᠠᠭᠠᠨ ᠤ ᠰᠢᠨᠵᠢᠯᠡᠨ | ᠪᠠᠶᠢᠴᠠᠭᠠᠯᠲᠠ ᠪᠠᠷ ᠳᠠᠮᠵᠢᠨ ᠂ ᠶᠤᠸᠠᠨ ᠪᠦᠦ ᠱᠠᠨ ᠢ ᠨᠡᠩ ᠢᠯᠡᠭᠦᠦ ᠲᠠᠨᠢᠵᠤ ᠂ ᠶᠤᠸᠠᠨ ᠪᠦᠦ ᠱᠠᠨ ᠢ ᠨᠡᠩ ᠢᠯᠡᠭᠦᠦ | ᠥᠢᠯᠠᠭᠠᠨ᠂ ᠶᠤᠸᠠᠨ ᠪᠦᠦ ᠱᠠᠨ ᠢ ᠨᠡᠩ ᠢᠯᠡᠭᠦᠦ ᠭᠠᠳᠠᠭᠰᠢ ᠲᠠᠨᠢᠯᠴᠠᠭᠤᠯᠵᠤ᠂ ᠨᠡᠩ ᠶᠡᠭᠡ ᠬᠡᠪᠴᠢᠶ᠎ᠡ ᠪᠠ ᠨᠡᠩ | ᠥᠷᠭᠡᠨ ᠬᠦᠷᠢᠶᠡᠨ ᠳᠤ ᠬᠠᠮᠲᠤᠷᠠᠯᠴᠠᠭ᠎ᠠ ᠲᠣᠬᠢᠷᠠᠯᠴᠠᠵᠤ ᠂ ᠬᠠᠮᠲᠦ ᠪᠠᠷ ᠠᠰᠢᠭ ᠬᠦᠷᠲᠡᠨ ᠬᠠᠮᠲᠤ ᠪᠠᠷ ᠬᠦᠭᠵᠢᠬᠦ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃ | | ᠱᠠᠨᠳᠦ᠋ᠩ ᠮᠤᠵᠢ ᠶᠢᠨ ᠤᠯᠠᠭᠠᠨᠬᠠᠳᠠ ᠶᠢᠨ ᠠᠷᠠᠯᠵᠢᠶᠠᠴᠢᠳ ᠤᠨ ᠡᠪᠯᠡᠯ ᠤᠨ ᠠᠵᠤ ᠠᠬᠤᠶᠢᠯᠠᠯᠲᠠᠳ ᠠᠴᠠ ᠂ | ᠲᠣᠰ ᠤᠳᠠᠭᠠᠨ ᠤ ᠰᠢᠨᠵᠢᠯᠡᠨ ᠪᠠᠶᠢᠴᠠᠭᠠᠬᠤ ᠪᠠᠷ ᠳᠡᠮᠵᠢᠨ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠶᠢᠨ | ᠬᠥᠭᠵᠢᠯᠲᠡ ᠶᠢᠨ ᠥᠷᠨᠢᠩᠭᠦᠢ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠵᠤ᠂ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠡᠰ ᠵᠣᠷᠢᠭ ᠪᠠ ᠪᠡᠯᠡ | ᠣᠷᠣᠭᠤᠯᠤᠭᠴᠢᠳ ᠲᠤ ᠦᠢᠯᠡᠴᠢᠯᠡᠬᠦ ᠦᠨᠡᠨ ᠪᠣᠳᠣᠯ ᠢ ᠰᠡᠳᠬᠢᠯ ᠢᠶᠠᠷ ᠢᠶᠠᠨ ᠮᠡᠳᠡᠷᠡᠪᠡ᠃ ᠱᠠᠨᠳᠦ᠋ᠩ ᠮᠤᠵᠢ ᠶᠢᠨ | ᠤᠯᠠᠭᠠᠨᠬᠠᠳᠠ ᠶᠢᠨ ᠠᠷᠠᠯᠵᠢᠶᠠᠴᠢᠳ ᠤᠨ ᠡᠪᠯᠡᠯ ᠪᠠᠰᠠ ᠶᠤᠸᠠᠨ ᠪᠦᠦ ᠱᠠᠨ ᠲᠣᠭᠤᠷᠢᠭ ᠲᠤ ᠪᠡᠯᠡ ᠣᠷᠣᠭᠤᠯᠬᠤ | ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠨᠡᠩ ᠭᠦᠨ | ᠳᠠᠪᠬᠤᠷᠭ᠎ᠠ ᠂ ᠨᠡᠩ ᠥᠷᠭᠡᠨ ᠬᠦᠷᠢᠶ᠎ᠡ ᠂ ᠨᠡᠩ ᠥᠨᠳᠥᠷ ᠲᠦᠪᠰᠢᠨ ᠲᠡᠶᠢᠰᠢ ᠤᠷᠤᠭᠰᠢᠯᠠᠬᠤ ᠶᠢ ᠠᠬᠢᠭᠤᠯᠤᠨ᠎ᠠ | ᠭᠡᠵᠦ ᠢᠯᠡᠷᠬᠡᠶᠢᠯᠡᠪᠡ᠃ | | ᠬᠤᠷᠠᠯ ᠳᠡᠭᠡᠷ᠎ᠡ ᠂ ᠶᠤᠸᠠᠨ ᠪᠦᠦ ᠱᠠᠨ ᠲᠣᠭᠤᠷᠢᠭ ᠱᠠᠨᠳᠦ᠋ᠩ ᠮᠤᠵᠢ ᠶᠢᠨ ᠤᠯᠠᠭᠠᠨᠬᠠᠳᠠ ᠶᠢᠨ | ᠠᠷᠠᠯᠵᠢᠶᠠᠴᠢᠳ ᠤᠨ ᠡᠪᠯᠡᠯ ᠲᠠᠢ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠬᠡᠯᠡᠯᠴᠡᠭᠡᠷ ᠲᠣᠭᠲᠠᠵᠠᠢ ᠃ | | ᠬᠤᠷᠠᠯ ᠠᠴᠠ ᠡᠮᠦᠨ᠎ᠡ ᠂ ᠯᠢᠦ ᠸᠧᠨ ᠮᠢᠩ ᠨᠠᠷ ᠤᠷᠢᠳ ᠬᠤᠵᠢᠳ ᠫᠦ᠋ ᠶᠢᠨ ᠡᠮ ᠤᠨ ᠦᠢᠯᠡᠰ ᠂ ᠫᠦ᠋ ᠯᠢ ᠲᠠᠢ ᠂ | ᠳ᠋ᠠ ᠳ᠋ᠢ ᠶᠦᠨ ᠲᠢᠶᠠᠨ ᠵᠡᠷᠭᠡ ᠠᠵᠤ ᠠᠬᠤᠶᠢᠯᠠᠯ ᠳᠤ ᠬᠦᠷᠦᠨ ᠠᠬᠤᠢ ᠲᠠᠯᠠᠪᠤᠷ ᠲᠤ ᠨᠢ ᠰᠢᠨᠵᠢᠯᠡᠨ ᠪᠠᠶᠢᠴᠠᠭᠠᠵᠤ ᠂ | ᠠᠵᠤ ᠠᠬᠤᠶᠢᠯᠠᠯ ᠤᠨ ᠲᠥᠯᠦᠪᠵᠢᠭᠦᠯᠭᠡ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠡᠷᠭᠡ ᠶᠢ ᠭᠦᠨᠵᠡᠭᠡᠢ | ᠥᠢᠯᠠᠭᠠᠭᠰᠠᠨ ᠪᠠᠶᠢᠨ᠎ᠠ᠃ | |