ᠤᠯᠤᠰ ᠤᠨ ᠠᠩᠬᠠᠨ ᠤ ᠨᠡᠭᠦᠷᠡᠰᠦᠲᠦ᠋ᠷᠦᠭᠴᠢ ᠶᠢᠨ ᠬᠡᠮᠵᠢᠯᠲᠡ ᠶᠢᠨ ᠲᠥᠪ ᠢ ᠥᠪᠥᠷ ᠮᠣᠩᠭᠤᠯ ᠳᠤ ᠪᠠᠶᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2022/5/19
      ᠨᠡᠭᠦᠷᠡᠰᠦᠲᠦ᠋ᠷᠦᠭᠴᠢ  ᠶᠢᠨ  ᠲᠠᠪᠬᠤᠷ ᠢᠰᠦᠯ  ᠭᠠᠳᠠᠭᠰᠢᠯᠠᠭᠤᠯᠬᠤ ᠬᠡᠮᠵᠢᠶ᠎ᠠ  ᠶᠢ ᠤᠷᠬᠢᠯ  ᠳᠤᠨᠢ ᠬᠦᠷᠭᠡᠬᠦ ᠪᠠ ᠲᠡᠩᠴᠡᠬᠦᠷᠢᠰᠢᠬᠦᠯᠬᠦ ᠪᠠᠶᠢᠯᠳᠤᠬᠤ ᠪᠣᠳᠣᠯᠭ᠎ᠠ  ᠶᠢᠨ ᠪᠠᠶᠢᠷᠢᠯᠠᠭᠤᠯᠤᠯᠲᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠲᠦᠰᠢᠭ ᠲᠤᠯᠭᠠᠭᠤᠷᠢ  ᠶᠢ ᠪᠠᠲᠤᠯᠠᠬᠤ  ᠳᠤ ᠦᠵᠡᠭᠦᠯᠬᠦ ᠬᠡᠮᠵᠢᠯᠲᠡ  ᠶᠢᠨ ᠦᠢᠯᠡᠳᠦᠯ  ᠢ ᠪᠠᠳᠠᠷᠠᠭᠤᠯᠵᠤ᠂ ᠨᠡᠭᠦᠷᠡᠰᠦᠲᠦ᠋ᠷᠦᠭᠴᠢ  ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ  ᠶᠢ ᠣᠷᠭᠢᠯ  ᠳᠤᠨᠢ ᠬᠦᠷᠭᠡᠵᠦ ᠲᠡᠩᠴᠡᠭᠦᠷᠢᠰᠢᠭᠦᠯᠬᠦ ᠬᠠᠷᠠᠯᠲᠠ  ᠶᠢ ᠪᠡᠶᠡᠯᠡᠭᠦᠯᠬᠦ  ᠶᠢᠨ ᠲᠥᠯᠥᠭᠡ ᠥᠪᠤᠷ ᠮᠤᠩᠭᠤᠯ  ᠤᠨ ᠥᠪᠡᠷᠳᠡᠭᠡᠨ ᠵᠠᠰᠠᠬᠤ ᠤᠷᠤᠨ  ᠤ ᠬᠡᠮᠵᠢᠯᠲᠡ  ᠶᠢᠨ ᠲᠤᠷᠰᠢᠯᠲᠠ  ᠶᠢᠨ ᠰᠤᠳᠤᠯᠭᠠᠨ  ᠤ ᠬᠦᠷᠢᠶᠡᠯᠡᠩ ᠠᠴᠠ ︽ᠤᠯᠤᠰ  ᠤᠨ ᠨᠡᠭᠦᠷᠡᠰᠦᠲᠦ᠋ᠷᠦᠭᠴᠢ  ᠶᠢᠨ ᠬᠡᠮᠵᠢᠯᠲᠡ ᠶᠢᠨ ᠲᠥᠪ︾  ᠢ ᠪᠠᠶᠢᠭᠤᠯᠬᠤ  ᠶᠢ ᠤᠯᠤᠰ ᠤᠨ ᠵᠠᠬ᠎ᠠ ᠳᠡᠯᠭᠡᠭᠦᠷ  ᠢ ᠬᠢᠨᠠᠵᠤ ᠬᠠᠮᠢᠶᠠᠷᠬᠤ ᠶᠡᠷᠦᠩᠬᠡᠢ ᠲᠤᠪᠴᠢᠶ᠎ᠠ ᠣᠶᠢᠷ᠎ᠠ  ᠳᠤ ᠵᠥᠪᠰᠢᠶᠡᠷᠡᠭᠰᠡᠨ ᠪᠠᠶᠢᠨ᠎ᠠ᠃ ᠡᠨᠡ ᠪᠣᠯ ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ ᠶᠡᠷᠦᠩᠬᠡᠢ ᠲᠣᠪᠴᠢᠶᠠᠨ  ᠠᠴᠠ ᠵᠥᠪᠰᠢᠶᠡᠷᠡᠯ ᠣᠯᠭᠤᠨ ᠪᠠᠶᠢᠭᠤᠯᠵᠤ ᠪᠠᠶᠢᠭ᠎ᠠ ᠤᠯᠤᠰ  ᠤᠨ ᠠᠩᠬᠠᠨ  ᠤ ᠨᠡᠭᠦᠷᠡᠰᠦᠲᠦ᠋ᠷᠦᠭᠴᠢ  ᠶᠢᠨ ᠬᠡᠮᠵᠢᠯᠲᠡ  ᠶᠢᠨ ᠲᠥᠪ ᠪᠣᠯᠣᠨ᠎ᠠ᠃                              ᠬᠡᠮᠵᠢᠯᠲᠡ ᠪᠣᠯ ᠤᠯᠤᠰ  ᠤᠨ ᠴᠢᠨᠠᠷᠯᠢᠭ ᠰᠠᠭᠤᠷᠢ ᠪᠡᠯᠡᠳᠬᠡᠯ ᠲᠥᠬᠦᠭᠡᠷᠦᠮᠵᠢ  ᠶᠢᠨ ᠴᠢᠬᠤᠯᠠ ᠠᠭᠤᠯᠭ᠎ᠠ ᠮᠥᠨ᠂ ᠡᠨᠧᠷᠭᠢ ᠶᠢᠨ ᠡᠬᠢ ᠪᠠᠶᠠᠯᠢᠭ  ᠢ ᠥᠨᠳᠥᠷ ᠦᠷ᠎ᠡ ᠪᠦᠲᠦᠮᠵᠢᠲᠡᠢ ᠠᠰᠢᠭᠯᠠᠬᠤ᠂ ᠠᠵᠤ ᠦᠢᠯᠡᠰ  ᠤᠨ ᠪᠦᠲᠦᠴᠡ  ᠳᠤ ᠭᠦᠨᠵᠡᠭᠡᠢ ᠲᠣᠬᠢᠷᠠᠭᠤᠯᠤᠯᠲᠠ ᠬᠢᠬᠦ᠂ ᠠᠮᠢᠳᠤᠷᠠᠯ  ᠤᠨ ᠠᠷᠭ᠎ᠠ ᠬᠡᠯᠪᠡᠷᠢ  ᠶᠢ ᠪᠣᠬᠢᠷᠲᠤᠯ ᠦᠭᠡᠢ ᠪᠣᠯᠭᠠᠵᠤ ᠬᠤᠪᠢᠷᠠᠭᠤᠯᠬᠤ᠂ ᠠᠵᠤ ᠠᠬᠤᠢ ᠨᠡᠶᠢᠭᠡᠮ  ᠤᠨ ᠪᠣᠬᠢᠷᠲᠤᠯ ᠦᠭᠡᠢ ᠬᠥᠭᠵᠢᠯᠲᠡ  ᠶᠢ ᠠᠬᠢᠭᠤᠯᠬᠤ  ᠶᠢᠨ ᠴᠢᠬᠤᠯᠠ ᠲᠦᠰᠢᠭ ᠲᠤᠯᠭᠠᠭᠤᠷᠢ ᠮᠥᠨ᠂ ᠭᠠᠳᠠᠭᠰᠢᠯᠠᠭᠤᠯᠬᠤ ᠬᠦᠯᠡᠮᠵᠢ  ᠶᠢᠨ ᠬᠡᠢ  ᠶᠢ ︽ᠬᠡᠮᠵᠢᠬᠦ᠂ ᠮᠡᠳᠡᠭᠦᠯᠬᠦ᠂ ᠬᠠᠷᠭᠤᠭᠤᠯᠤᠨ ᠪᠠᠶᠢᠴᠠᠭᠠᠬᠤ︾ ᠬᠠᠷᠠᠯᠲᠠ  ᠶᠢ ᠪᠡᠶᠡᠯᠡᠭᠦᠯᠬᠦ  ᠶᠢᠨ ᠴᠢᠬᠤᠯᠠ ᠪᠠᠲᠤᠯᠠᠭ᠎ᠠ ᠮᠥᠨ᠂ ᠲᠡᠷᠡ  ᠨᠢ ᠨᠡᠭᠦᠷᠡᠰᠦᠲᠦ᠋ᠷᠦᠭᠴᠢ  ᠶᠢᠨ ᠳᠠᠪᠬᠤᠷ ᠢᠰᠦᠯ  ᠤᠨ ᠬᠡᠮᠵᠢᠶ᠎ᠡ  ᠶᠢ ᠣᠷᠭᠢᠯ  ᠳᠤᠨᠢ ᠬᠦᠷᠭᠡᠵᠦ ᠲᠡᠩᠴᠡᠭᠦᠷᠢᠰᠢᠭᠦᠯᠬᠦ ᠬᠠᠷᠠᠯᠲᠠ  ᠶᠢ ᠲᠣᠭᠲᠠᠭᠰᠠᠨ ᠬᠤᠭᠤᠴᠠᠭᠠᠨ  ᠳᠤ ᠪᠡᠶᠡᠯᠡᠭᠦᠯᠬᠦ  ᠳᠤ ᠴᠢᠬᠤᠯᠠ ᠠᠴᠢ ᠬᠤᠯᠪᠣᠭᠳᠠᠯ  ᠲᠠᠢ ᠶᠤᠮ᠃                             ᠥᠪᠥᠷ ᠮᠣᠩᠭᠤᠯ ᠪᠣᠯ ᠮᠠᠨ  ᠤ ᠤᠯᠤᠰ  ᠤᠨ ᠡᠨᠧᠷᠭᠢ ᠪᠣᠯᠣᠨ ᠪᠠᠶᠢᠯᠳᠤᠬᠤ ᠪᠣᠳᠣᠯᠭ᠎ᠠ  ᠶᠢᠨ ᠡᠬᠢ ᠪᠠᠶᠠᠯᠢᠭ  ᠤᠨ ᠴᠢᠬᠤᠯᠠ ᠰᠠᠭᠤᠷᠢᠨ ᠭᠠᠵᠠᠷ᠂ ᠮᠠᠨ  ᠤ ᠤᠯᠤᠰ  ᠤᠨ ᠤᠮᠠᠷᠠᠲᠤ  ᠶᠢᠨ ᠠᠮᠢ ᠠᠬᠤᠢ  ᠶᠢᠨ ᠠᠮᠤᠷ ᠲᠦᠪᠰᠢᠨ  ᠤ ᠴᠢᠬᠤᠯᠠ ᠬᠠᠯᠬᠠᠪᠴᠢ ᠪᠣᠯᠣᠨ᠎ᠠ᠃ ᠥᠪᠤᠷ ᠮᠤᠩᠭᠤᠯ  ᠤᠨ ᠥᠪᠡᠷᠳᠡᠭᠡᠨ ᠵᠠᠰᠠᠬᠤ ᠤᠷᠤᠨ  ᠤ ᠬᠡᠮᠵᠢᠯᠲᠡ  ᠶᠢᠨ ᠲᠤᠷᠰᠢᠯᠲᠠ  ᠶᠢᠨ ᠰᠤᠳᠤᠯᠭᠠᠨ  ᠤ ᠬᠦᠷᠢᠶᠡᠯᠡᠩ  ᠳᠤ ᠤᠯᠤᠰ  ᠤᠨ ᠬᠤᠲᠠ  ᠶᠢᠨ ᠡᠨᠧᠷᠭᠢ  ᠶᠢ ᠬᠡᠮᠵᠢᠬᠦ ᠲᠥᠪ᠂ ᠭᠤᠣᠯᠳᠠᠯᠭ᠎ᠠ  ᠲᠠᠢ ᠡᠨᠧᠷᠭᠢ ᠬᠡᠷᠡᠭᠯᠡᠬᠦ ᠪᠠᠶᠢᠭᠤᠯᠭ᠎ᠠ  ᠶᠢᠨ ᠡᠨᠧᠷᠭᠢ  ᠶᠢᠨ ᠬᠤᠷᠣᠭᠳᠠᠯ  ᠢ ᠬᠡᠮᠵᠢᠬᠦ ᠲᠥᠪ ᠪᠣᠯᠣᠨ ᠭᠤᠣᠯᠳᠠᠯᠭ᠎ᠠ  ᠲᠠᠢ ᠡᠨᠧᠷᠭᠢ ᠬᠡᠷᠡᠭᠯᠡᠬᠦ ᠪᠠᠶᠢᠭᠤᠯᠭ᠎ᠠ  ᠶᠢᠨ ᠡᠨᠧᠷᠭᠢ  ᠶᠢᠨ ᠬᠤᠷᠣᠭᠳᠠᠯ  ᠢ ᠰᠦᠯᠵᠢᠶ᠎ᠡ  ᠪᠠᠷ ᠬᠢᠨᠠᠨ ᠬᠡᠮᠵᠢᠬᠦ ᠰᠢᠰᠲ᠋ᠧᠮ  ᠢ ᠪᠠᠶᠢᠭᠤᠯᠵᠤ᠂ ᠭᠤᠣᠯᠳᠠᠯᠭ᠎ᠠ  ᠲᠠᠢ ᠡᠨᠧᠷᠭᠢ ᠬᠡᠷᠡᠭᠯᠡᠬᠦ ᠪᠠᠶᠢᠭᠤᠯᠭ᠎ᠠ  ᠶᠢᠨ ᠨᠡᠭᠦᠷᠡᠰᠦ ᠤᠰᠤ ᠴᠠᠬᠢᠯᠭᠠᠨ ᠪᠠᠶᠢᠭᠠᠯᠢ  ᠶᠢᠨ ᠰᠢᠲᠠᠭᠴᠢ ᠬᠡᠢ ᠴᠢᠯᠠᠭᠤᠨ ᠲᠣᠰᠣ ᠢᠯᠴᠢ ᠵᠡᠷᠭᠡ  ᠶᠢᠨ ᠬᠤᠷᠣᠭᠳᠠᠯ  ᠤᠨ ᠲᠤᠭ᠎ᠠ ᠪᠠᠷᠢᠮᠲᠠ  ᠶᠢ ᠰᠦᠯᠵᠢᠶ᠎ᠡ  ᠪᠠᠷ ᠬᠢᠨᠠᠨ ᠬᠡᠮᠵᠢᠵᠦ ᠵᠠᠳᠠᠯᠤᠯᠲᠠ ᠬᠢᠵᠦ ᠪᠠᠶᠢᠬᠤ ᠪᠥᠭᠡᠳ ᠨᠡᠭᠦᠷᠡᠰᠦᠲᠦ᠋ᠷᠦᠭᠴᠢ  ᠶᠢ ᠬᠡᠮᠵᠢᠬᠦ ᠪᠠᠷᠢᠮᠵᠢᠶᠠᠵᠢᠭᠰᠠᠨ ᠲᠤᠷᠰᠢᠯᠲᠠ  ᠶᠢᠨ ᠲᠠᠰᠤᠭ  ᠢ ᠪᠠᠶᠢᠭᠤᠯᠤᠭᠰᠠᠨ ᠪᠣᠯᠬᠤᠷ ᠭᠠᠳᠠᠭᠰᠢᠯᠠᠭᠤᠯᠬᠤ ᠬᠦᠯᠡᠮᠵᠢ  ᠶᠢᠨ ᠬᠡᠢ  ᠶᠢ ᠬᠠᠷᠭᠤᠭᠤᠯᠤᠨ ᠪᠣᠳᠣᠬᠤ᠂ ᠣᠢ ᠰᠢᠭᠤᠢ ᠲᠠᠯ᠎ᠠ ᠨᠤᠲᠤᠭ  ᠤᠨ ᠨᠡᠭᠦᠷᠡᠰᠦᠲᠦ᠋ᠷᠦᠭᠴᠢ ᠬᠤᠷᠠᠮᠳᠤᠭᠤᠯᠬᠤ ᠬᠡᠮᠵᠢᠶ᠎ᠡ  ᠳᠤ ᠵᠠᠳᠠᠯᠤᠯᠲᠠ ᠬᠢᠬᠦ ᠵᠡᠷᠭᠡ ᠴᠢᠳᠠᠪᠤᠷᠢ  ᠲᠠᠢ ᠪᠠᠶᠢᠳᠠᠭ᠃                              ᠡᠶᠢᠮᠦ  ᠠᠴᠠ ᠥᠪᠤᠷ ᠮᠤᠩᠭᠤᠯ  ᠤᠨ ᠥᠪᠡᠷᠳᠡᠭᠡᠨ ᠵᠠᠰᠠᠬᠤ ᠤᠷᠤᠨ  ᠤ ᠬᠡᠮᠵᠢᠯᠲᠡ  ᠶᠢᠨ ᠲᠤᠷᠰᠢᠯᠲᠠ  ᠶᠢᠨ ᠰᠤᠳᠤᠯᠭᠠᠨ ᠤ ᠬᠦᠷᠢᠶᠡᠯᠡᠩ  ᠳᠤ ᠲᠦᠰᠢᠭᠯᠡᠨ ᠤᠯᠤᠰ  ᠤᠨ ᠨᠡᠭᠦᠷᠡᠰᠦᠲᠦ᠋ᠷᠦᠭᠴᠢ  ᠶᠢᠨ ᠬᠡᠮᠵᠢᠯᠲᠡ  ᠶᠢᠨ ᠲᠥᠪ  ᠢ ᠪᠠᠶᠢᠭᠤᠯᠬᠤ  ᠨᠢ᠂ ᠥᠪᠥᠷ ᠮᠣᠩᠭᠤᠯ  ᠤᠨ ᠡᠬᠢ ᠪᠠᠶᠠᠯᠢᠭ᠂ ᠠᠮᠢ ᠠᠬᠤᠢ᠂ ᠪᠦᠰᠡ ᠨᠤᠲᠤᠭ  ᠤᠨ ᠪᠠᠶᠢᠷᠢ ᠰᠠᠭᠤᠷᠢ ᠵᠡᠷᠭᠡ ᠳᠠᠪᠠᠭᠤᠯᠢᠭ  ᠢ ᠪᠠᠳᠠᠷᠠᠭᠤᠯᠵᠤ᠂ ᠤᠯᠤᠰ ᠤᠨ ᠨᠡᠭᠦᠷᠡᠰᠦᠲᠦ᠋ᠷᠦᠭᠴᠢ  ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ  ᠶᠢ ᠣᠷᠭᠢᠯ  ᠳᠤᠨᠢ ᠬᠦᠷᠭᠡᠵᠦ ᠲᠡᠩᠴᠡᠭᠦᠷᠢᠰᠢᠭᠦᠯᠬᠦ ᠬᠠᠷᠠᠯᠲᠠ  ᠶᠢᠨ ᠱᠠᠭᠠᠷᠳᠠᠯᠭ᠎ᠠ  ᠲᠠᠢ ᠨᠢᠭᠲᠠ ᠠᠪᠴᠠᠯᠳᠤᠭᠤᠯᠵᠤ᠂ ᠨᠡᠭᠦᠷᠡᠰᠦᠲᠦ᠋ᠷᠦᠭᠴᠢ  ᠶᠢ ᠬᠡᠮᠵᠢᠬᠦ ᠠᠷᠭ᠎ᠠ ᠵᠠᠮ ᠪᠣᠯᠣᠨ ᠬᠡᠪ ᠵᠠᠭᠪᠤᠷ  ᠢ ᠢᠳᠡᠪᠬᠢᠲᠡᠢ ᠰᠦᠪᠡᠭᠴᠢᠯᠡᠵᠦ᠂ ᠪᠦᠬᠦ ᠤᠯᠤᠰ  ᠤᠨ ᠡᠯ᠎ᠡ ᠭᠠᠵᠠᠷ ᠤᠨ ᠬᠡᠮᠵᠢᠯᠲᠡ  ᠶᠢᠨ ᠲᠧᠭᠨᠢᠭ ᠮᠡᠷᠭᠡᠵᠢᠯ  ᠤᠨ ᠪᠠᠶᠢᠭᠤᠯᠤᠮᠵᠢ  ᠶᠢ ᠵᠢᠭᠠᠨ ᠵᠢᠯᠣᠭᠤᠳᠴᠤ ᠨᠡᠭᠦᠷᠡᠰᠦᠲᠦ᠋ᠷᠦᠭᠴᠢ  ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ  ᠶᠢ ᠣᠷᠭᠢᠯ ᠳᠤᠨᠢ ᠬᠦᠷᠭᠡᠵᠦ ᠲᠡᠩᠴᠡᠭᠦᠷᠢᠰᠢᠭᠦᠯᠬᠦ ᠬᠠᠷᠠᠯᠲᠠ  ᠶᠢ ᠪᠡᠶᠡᠯᠡᠭᠦᠯᠬᠦ  ᠳᠤ ᠨᠡᠩ ᠰᠠᠶᠢᠨ ᠦᠢᠯᠡᠴᠢᠯᠡᠬᠦ  ᠳᠤ ᠴᠢᠬᠤᠯᠠ ᠲᠤᠷᠰᠢᠯᠲᠠ  ᠶᠢᠨ ᠴᠡᠭ  ᠤᠨ ᠵᠢᠱᠢᠶ᠎ᠡ ᠦᠵᠡᠭᠦᠯᠬᠦ ᠪᠠ ᠳᠠᠶᠢᠴᠢᠯᠠᠨ ᠳᠠᠭᠠᠭᠤᠯᠬᠤ ᠦᠢᠯᠡᠳᠦᠯ  ᠲᠠᠢ ᠶᠤᠮ᠃
 
ᠢᠷᠡᠯᠲᠡ᠄ ᠠᠷᠠᠳ ᠤᠨ ᠰᠦᠯᠵᠢᠶᠡᠨ ᠤ ᠮᠤᠩᠭᠤᠯ ᠬᠡᠯᠡᠨ ᠤ ᠰᠤᠪᠠᠭ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1